8 ᠳ᠋ᠤᠭᠠᠷ ᠰᠠᠷ᠎ᠠ ᠶᠢᠨ 23 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠡᠳᠡᠭᠦᠯᠦᠯᠲᠡ ᠳᠤ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ | ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠲᠣᠳᠣᠯᠠᠭᠰᠠᠨ | ᠡᠪᠡᠳᠴᠢᠨ ᠤ ᠵᠢᠱᠢᠶ᠎ᠡ 1 ︵ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠨᠡᠮᠡᠭᠳᠡᠪᠡ᠃ | ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 7 ᠬᠥᠮᠥᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 1 ︵ | ᠨᠢᠭᠡ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ︶᠂ ᠰᠢᠯᠢ ᠶᠢᠨ ᠭᠤᠣᠯ ᠠᠶᠢᠮᠠᠭ ᠲᠤ 2 ︵ᠴᠥᠮ ᠡᠷᠢᠶᠡᠨ ᠬᠤᠲᠠ ᠳᠤ ᠪᠤᠢ︶᠂ ᠤᠯᠠᠭᠠᠨᠴᠠᠪ | ᠬᠤᠲᠠ ᠳᠤ 4 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤᠨ ᠳᠤ 3 ᠪᠣᠢ︶ ᠪᠣᠢ᠃ ᠣᠷᠣᠨ ᠨᠤᠲᠤᠭ ᠤᠨ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 3 ᠬᠥᠮᠥᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ | ᠠᠶᠢᠮᠠᠭ ᠲᠤ 1 ︵ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 2 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠢ︶ ᠪᠣᠢ᠃ | | 8 ᠳ᠋ᠤᠭᠠᠷ ᠰᠠᠷ᠎ᠠ ᠶᠢᠨ 23 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 36 ᠪᠤᠢ᠂ ᠡᠭᠦᠨ ᠳᠤ ᠬᠥᠬᠡᠬᠤᠲᠠ ᠳᠤ 5 ︵ᠦᠴᠦᠸᠠᠨ ᠰᠢᠶᠠᠨ ᠳᠤ 1᠂ ᠭᠠᠳᠠᠷ ᠮᠤᠵᠢ ᠠᠴᠠ ᠮᠡᠳᠡᠭᠳᠡᠭᠰᠡᠨ | ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ 1᠂ ᠪᠤᠰᠤᠳ 3 ᠨᠢ ᠨᠢᠭᠡ ᠡᠭᠡᠯᠵᠢ ᠶᠢᠨ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ︶ | ᠂ ᠪᠤᠭᠤᠲᠤ ᠬᠤᠲᠠ ᠳᠤ 2 ︵ᠴᠥᠮ ᠴᠢᠩ ᠱᠠᠨ ᠲᠣᠭᠤᠷᠢᠭ ᠲᠤ ᠪᠣᠢ︶᠂ ᠬᠥᠯᠥᠨ ᠪᠣᠶᠢᠷ ᠬᠤᠲᠠ ᠳᠤ 7 ︵ᠴᠥᠮ ᠮᠠᠨᠵᠤᠤᠷ ᠬᠤᠲᠠ ᠳᠤ ᠪᠣᠢ︶᠂ | ᠰᠢᠯᠢ ᠶᠢᠨ ᠭᠤᠣᠯ ᠠᠶᠢᠮᠠᠭ ᠲᠤ 5 ︵ᠴᠥᠮ ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 15 ︵ᠴᠥᠮ ᠴᠠᠬᠠᠷ ᠪᠠᠷᠠᠭᠤᠨ ᠭᠠᠷᠤᠨ ᠬᠤᠶᠢᠳᠤ | ᠬᠤᠰᠢᠭᠤᠨ ᠳᠤ ᠪᠣᠢ︶᠂ ᠣᠷᠳᠣᠰ ᠬᠤᠲᠠ ᠳᠤ 2 ︵ᠴᠥᠮ ᠣᠲᠤᠭ ᠬᠤᠰᠢᠭᠤᠨ ᠳᠤ ᠪᠣᠢ︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ 20 ᠪᠣᠢ᠂ ᠡᠭᠦᠨ ᠳᠤ ᠬᠥᠯᠥᠨ ᠪᠣᠶᠢᠷ ᠬᠤᠲᠠ ᠳᠤ 2 ︵ᠴᠥᠮ ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 1 | ︵ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 14 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 13︶ | ᠂ ᠠᠯᠠᠱᠠ ᠠᠶᠢᠮᠠᠭ ᠲᠤ 3 ︵ᠴᠥᠮ ᠠᠯᠠᠱᠠ ᠵᠡᠭᠦᠨ ᠬᠤᠰᠢᠭᠤᠨ ᠳᠤ ᠪᠣᠢ︶᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠳᠠᠭᠴᠢ 2 ︵ᠴᠥᠮ ᠬᠥᠬᠡᠬᠤᠲᠠ ᠳᠤ︶ ᠪᠣᠢ᠃ ᠳᠡᠭᠡᠷᠡᠬᠢ ᠬᠦᠮᠦᠰ ᠢ ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ | ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ | ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶ |