ᠬᠤᠷᠢᠨᠭᠡᠷ ᠰᠢᠶᠠᠨ ᠤ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠭᠰᠢ ᠶᠢᠨ ᠪᠣᠯᠪᠠᠰᠤᠷᠠᠭᠤᠯᠤᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2022/8/25
      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠭᠰᠠᠨ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠴᠢᠳᠠᠪᠤᠷᠢᠲᠠᠨ ᠢ ᠬᠥᠮᠦᠵᠢᠭᠦᠯᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ 8 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠬᠠᠮᠲᠤᠷᠠᠨ ᠬᠤᠷᠢᠨᠭᠡᠷ ᠰᠢᠶᠠᠨ ᠤ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠭᠰᠢ ᠶᠢᠨ ᠪᠣᠯᠪᠠᠰᠤᠷᠠᠭᠤᠯᠤᠯ ᠤᠨ ᠠᠩᠬᠢ ᠶᠢ ᠡᠷᠬᠢᠯᠡᠪᠡ᠃ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ᠂ ᠰᠤᠷᠭᠠᠨ ᠬᠥᠮᠦᠵᠢᠯ ᠤᠨ ᠰᠢᠰᠲ᠋ᠧᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠰᠡᠳᠬᠢᠴᠡ ᠶᠢᠨ ᠵᠥᠪᠯᠡᠯᠭᠡ ᠥᠭᠬᠦ ᠪᠠᠭᠰᠢ᠂ ᠮᠡᠳᠡᠷᠡᠯ ᠤᠨ ᠰᠠᠯᠠᠭᠠᠨ ᠤ ᠡᠮᠴᠢ ᠵᠢᠴᠢ ᠡᠮᠴᠢᠯᠡᠭᠡᠨ ᠤ ᠪᠠᠶᠢᠭᠤᠯᠤᠮᠵᠢ ᠶᠢᠨ ᠰᠡᠳᠬᠢᠴᠡ ᠶᠢᠨ ᠬᠥᠮᠦᠵᠢᠯ ᠤᠨ ᠬᠠᠮᠢᠶ᠎ᠠ ᠪᠥᠬᠦᠶ ᠠᠵᠢᠯᠲᠠᠨ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ᠃      ᠪᠣᠯᠪᠠᠰᠤᠷᠠᠭᠤᠯᠤᠯ ᠤᠨ ᠠᠩᠭᠢ ᠨᠢ ᠥᠪᠥᠷ ᠮᠣᠩᠭᠤᠯ ᠤᠨ ᠪᠦᠦ ᠴᠧᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠣᠴᠢᠮᠠᠳ ᠯᠧᠺᠲ᠋ᠣᠷ ᠸᠠᠩ ᠵᠢᠶᠦ᠋ᠨ ᠫᠢᠩ᠂ ᠸᠠᠩ ᠵᠢᠶᠠᠨ ᠢ ᠤᠷᠢᠵᠤ ᠡᠯᠡᠰᠦᠨ ᠴᠠᠷ᠎ᠠ ᠶᠢᠨ ᠲᠣᠭᠯᠠᠭᠠᠮ ᠤᠨ ᠵᠠᠰᠠᠯᠭ᠎ᠠ ᠶᠢᠨ ᠣᠨᠣᠯ ᠪᠠ ᠦᠢᠯᠡᠳᠦᠯᠭᠡ᠂ ᠰᠡᠳᠬᠢᠴᠡ ᠶᠢᠨ ᠵᠥᠪᠯᠡᠯᠭᠡ ᠥᠭᠭᠦᠭᠴᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠠᠵᠢᠯ ᠢ ᠬᠡᠷᠬᠢᠨ ᠥᠷᠨᠢᠭᠦᠯᠬᠦ ᠦᠨᠳᠦᠰᠦᠨ ᠤᠷ᠎ᠠ ᠴᠢᠳᠠᠪᠤᠷᠢ ᠵᠡᠷᠭᠡ ᠠᠭᠤᠯᠭ᠎ᠠ ᠶᠢᠨ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠯᠭᠡᠵᠡᠶ᠃ ᠲᠡᠷᠡᠴᠢᠯᠡᠨ ᠸᠢᠳᠢᠣ᠋᠂ ᠲᠣᠭᠯᠠᠭᠠᠮ ᠤᠨ ᠬᠡᠯᠪᠡᠷᠢ ᠪᠠᠷ ᠰᠤᠷᠤᠯᠴᠠᠯᠭ᠎ᠠ ᠶᠢᠨ ᠬᠠᠷᠢᠯᠴᠠᠨ ᠦᠢᠯᠡᠳᠦᠯᠴᠡᠬᠦ ᠴᠢᠨᠠᠷ ᠢ ᠳᠡᠭᠡᠭᠰᠢᠯᠡᠭᠦᠯᠵᠦ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠬᠥᠭᠵᠢᠶᠡᠨᠲᠡᠢ ᠪᠠᠶᠢᠵᠤ᠂ ᠰᠤᠷᠤᠭᠴᠢᠳ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠬᠠᠢ ᠲᠠᠨᠢᠯᠲᠠ ᠪᠠ ᠪᠤᠳᠤᠯ ᠢᠶᠠᠨ ᠬᠤᠪᠢᠶᠠᠯᠴᠠᠪᠠ᠃      ᠲᠤᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠪᠠᠶᠠᠯᠢᠭ᠂ ᠠᠵᠢᠯᠯᠠᠭᠠᠨ ᠤ ᠴᠢᠨᠠᠷ ᠢᠶᠠᠷ ᠴᠢᠩᠭ᠎ᠠ᠂ ᠪᠥᠬᠦ ᠰᠢᠶᠠᠨ ᠤ ᠡᠯ᠎ᠡ ᠰᠢᠰᠲ᠋ᠧᠮ᠂ ᠡᠯ᠎ᠡ ᠨᠢᠭᠡᠴᠡ ᠶᠢᠨ ᠦᠨᠳᠦᠰᠦᠨ ᠱᠠᠲᠤᠨ ᠤ ᠠᠵᠢᠯᠲᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠤᠨ ᠲᠤᠬᠠᠶ ᠰᠢᠨᠵᠢᠯᠡᠬᠦ ᠤᠬᠠᠭᠠᠨᠴᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠰᠢᠶᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢ ᠰᠠᠶᠢᠲᠤᠷ ᠨᠠᠶᠢᠳᠠᠪᠤᠷᠢᠵᠢᠭᠤᠯᠤᠨ᠂ ᠰᠢᠨ᠎ᠡ ᠴᠠᠭ ᠦᠶ᠎ᠡ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ