8 ᠳ᠋ᠤᠭᠠᠷ ᠰᠠᠷ᠎ᠠ ᠶᠢᠨ 24 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/25
      8 ᠳ᠋ᠤᠭᠠᠷ ᠰᠠᠷ᠎ᠠ ᠶᠢᠨ 24 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 3᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 13 ᠨᠡᠮᠡᠭᠳᠡᠪᠡ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ ᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 6 ᠬᠥᠮᠥᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 2 ︵ᠦᠴᠦᠸᠠᠨ ᠰᠢᠶᠠᠨ ᠳᠤ 1᠂ ᠭᠠᠳᠠᠷ ᠮᠤᠵᠢ ᠠᠴᠠ ᠮᠡᠳᠡᠭᠳᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ 1︶᠂ ᠬᠥᠯᠥᠨ ᠪᠣᠶᠢᠷ ᠬᠤᠲᠠ ᠳᠤ 1 ︵ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 2 ︵ᠴᠥᠮ ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤᠨ ᠳᠤ ᠪᠣᠢ︶ ᠪᠣᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 3 ᠬᠥᠮᠥᠨ ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠢ︶ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃      8 ᠳ᠋ᠤᠭᠠᠷ ᠰᠠᠷ᠎ᠠ ᠶᠢᠨ 24 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 30 ᠪᠤᠢ᠂ ᠡᠭᠦᠨ ᠳᠤ ᠬᠥᠬᠡᠬᠤᠲᠠ ᠳᠤ 3 ︵ᠴᠥᠮ ᠨᠢᠭᠡ ᠡᠭᠡᠯᠵᠢ ᠶᠢᠨ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ︶᠂ ᠪᠤᠭᠤᠲᠤ ᠬᠤᠲᠠ ᠳᠤ 2 ︵ᠴᠥᠮ ᠴᠢᠩ ᠱᠠᠨ ᠲᠣᠭᠤᠷᠢᠭ ᠲᠤ ᠪᠣᠢ︶᠂ ᠬᠥᠯᠥᠨ ᠪᠣᠶᠢᠷ ᠬᠤᠲᠠ ᠳᠤ 6 ︵ᠴᠥᠮ ᠮᠠᠨᠵᠤᠤᠷ ᠬᠤᠲᠠ ᠳᠤ ᠪᠣᠢ ︶᠂ ᠰᠢᠯᠢ ᠶᠢᠨ ᠭᠤᠣᠯ ᠠᠶᠢᠮᠠᠭ ᠲᠤ 4 ︵ᠴᠥᠮ ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 13 ︵ᠴᠥᠮ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠳᠤ ᠪᠣᠢ︶᠂ ᠣᠷᠳᠣᠰ ᠬᠤᠲᠠ ᠳᠤ 2 ︵ᠴᠥᠮ ᠣᠲᠤᠭ ᠬᠤᠰᠢᠭᠤᠨ ᠳᠤ ᠪᠣᠢ︶ ᠪᠣᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 17 ᠪᠣᠢ᠂ ᠡᠭᠦᠨ ᠳᠤ ᠬᠥᠯᠥᠨ ᠪᠣᠶᠢᠷ ᠬᠤᠲᠠ ᠳᠤ 2 ︵ᠴᠥᠮ ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 11 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 10︶᠂  ᠠᠯᠠᠱᠠ ᠠᠶᠢᠮᠠᠭ ᠲᠤ 3 ︵ᠴᠥᠮ ᠠᠯᠠᠱᠠ ᠵᠡᠭᠦᠨ ᠬᠤᠰᠢᠭᠤᠨ ᠳᠤ ᠪᠣᠢ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 3᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 15 ᠪᠠᠶᠢᠵᠤ᠂ ᠴᠥᠮ ᠬᠥᠬᠡᠬᠤᠲᠠ ᠳᠤ ᠪᠣᠢ᠃ ᠳᠡᠭᠡᠷᠡᠬᠢ ᠬᠦᠮᠦᠰ ᠢ ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ