︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠨᠥᠬᠦᠪᠦᠷᠢ ᠪᠡᠯᠡ ᠮᠥᠩᠭᠦ 4101 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ ᠳᠡᠭᠡᠳᠦ ᠱᠠᠲᠤᠨ ᠠᠴᠠ | 2793 ᠲᠦᠮᠡᠨ ᠲᠥᠭᠦᠷᠢᠭ ᠪᠠᠭᠤᠯᠭᠠᠵᠤ᠂ ᠬᠤᠲᠠ ᠶᠢᠨ ᠲᠣᠰ ᠱᠠᠲᠤᠨ ᠠᠴᠠ 1308 ᠲᠦᠮᠡᠨ ᠲᠥᠭᠦᠷᠢᠭ ᠢᠵᠢ ᠪᠦᠷᠢᠳᠦᠭᠦᠯᠪᠡ᠂ ᠡᠭᠦᠨ ᠢ ᠭᠤᠣᠯᠳᠠᠭᠤ | ᠪᠥᠬᠦ ᠬᠤᠲᠠ ᠶᠢᠨ 35 ︱ 46 ᠨᠠᠰᠤᠨ ᠤ ᠬᠥᠮᠥᠰ ᠲᠤ ᠰᠦᠢᠳᠬᠡᠯ ᠬᠤᠷᠢᠶᠠᠬᠤ ᠦᠭᠡᠢ ᠪᠠᠷ ︽ᠬᠤᠶᠠᠷ ᠥᠮᠡᠨ︾ ᠢ ᠰᠢᠭᠰᠢᠨ ᠪᠠᠶᠢᠴᠠᠭᠠᠬᠤ᠂ | ᠲᠥᠯᠥᠪᠯᠡᠭᠡᠲᠦ ᠦᠷᠡᠵᠢᠯ ᠤᠨ ᠮᠡᠷᠭᠡᠵᠢᠯ ᠤᠨ ᠦᠢᠯᠡᠴᠢᠯᠡᠭᠡ᠂ ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ᠂ ᠵᠢᠷᠮᠦᠰᠦᠯᠡᠬᠦ ᠠᠴᠠ | ᠡᠮᠦᠨᠡᠬᠢ ᠡᠷᠡᠭᠦᠯ ᠮᠡᠨᠳᠦ ᠶᠢᠨ ᠪᠠᠶᠢᠴᠠᠭᠠᠯᠲᠠ ᠵᠢᠴᠢ ᠨᠢᠷᠠᠢ ᠬᠡᠦᠬᠡᠳ ᠤᠨ ᠴᠢᠬᠢ ᠳᠦᠯᠡᠢ ᠭᠧᠨ᠂ ᠤᠳᠤᠮᠯᠠᠯ ᠤᠨ ᠰᠣᠯᠢᠯᠴᠠᠭ᠎ᠠ ᠶᠢᠨ ᠡᠪᠡᠳᠴᠢᠨ ᠢ ᠰᠦᠢᠳᠬᠡᠯ | ᠦᠭᠡᠢ ᠪᠠᠷ ᠰᠢᠭᠰᠢᠨ ᠪᠠᠶᠢᠴᠠᠭᠠᠬᠤ ᠲᠥᠷᠥᠯ ᠵᠦᠢᠯ ᠵᠡᠷᠭᠡ ᠳᠤ ᠬᠡᠷᠡᠭᠯᠡᠨ᠎ᠡ᠃ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠦᠢᠯᠡᠰ ᠪᠣᠯ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ | ᠦᠢᠯᠡᠴᠢᠯᠡᠭᠡ ᠶᠢ ᠠᠯᠬᠤᠮ ᠠᠯᠬᠤᠮ ᠢᠶᠠᠷ ᠠᠳᠠᠯᠢ ᠲᠡᠭᠰᠢ ᠪᠣᠯᠭᠠᠬᠤ ᠴᠢᠬᠤᠯᠠ ᠠᠭᠤᠯᠭ᠎ᠠ ᠮᠥᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠵᠢᠯ ᠮᠥᠨ᠃ ᠡᠭᠦᠨ ᠤ ᠲᠤᠯᠠᠳᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠡᠯ᠎ᠡ ᠵᠦᠢᠯ ᠤᠨ ᠦᠨᠳᠦᠰᠦᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠡᠯᠡ | ᠮᠥᠩᠭᠦᠨ ᠤ ᠬᠠᠮᠢᠶᠠᠷᠤᠯᠲᠠ ᠪᠠᠨ ᠴᠢᠩᠭᠠᠳᠬᠠᠨ᠂ ᠪᠡᠯᠡ ᠮᠥᠩᠭᠦ ᠰᠠᠯᠭᠠᠨ ᠥᠭᠬᠦ ᠠᠬᠢᠴᠠ ᠪᠠᠨ ᠲᠦᠷᠭᠡᠳᠬᠡᠵᠦ᠂ ᠲᠤᠰᠬᠠᠢ ᠵᠣᠭᠤᠰ ᠢ ᠲᠤᠰᠬᠠᠢ ᠵᠦᠢᠯ ᠳᠤ | ᠬᠡᠷᠡᠭᠯᠡᠬᠦ ᠶᠢ ᠦᠨᠡᠨᠬᠦ ᠪᠠᠲᠤᠯᠠᠵᠤ᠂ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠦᠨ᠎ᠡ᠃ |