ᠭᠤᠤ ᠹᠧᠩ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/26
      8 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠲᠤᠸᠠᠨ ᠪᠦ᠋ ᠯᠦ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠤᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠲᠤᠬᠠᠶ ᠶᠢᠨ ᠲᠠᠯᠠᠪᠤᠷ ᠲᠤ  ᠬᠤᠷᠢᠶᠠᠯᠠᠯ ᠤᠨ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠲᠡᠷᠭᠡ ᠬᠥᠰᠬᠡ ᠶᠢ ᠡᠮᠬᠢ ᠵᠢᠷᠤᠮ ᠲᠠᠢ ᠵᠣᠭᠰᠣᠭᠠᠬᠤ ᠵᠢᠴᠢ ᠰᠠᠭᠤᠷᠢ ᠪᠡᠯᠡᠳᠬᠡᠮᠵᠢ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠬᠤ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠪᠣᠳᠠᠲᠠᠶ ᠵᠢᠯᠣᠭᠤᠳᠬᠤ ᠰᠠᠨᠠᠯ ᠢᠶᠠᠨ ᠳᠤᠷᠠᠳᠪᠠ᠃      ᠬᠤᠷᠠᠯ ᠠᠴᠠ ᠡᠯ᠎ᠡ ᠳᠠᠭᠠᠭᠠᠴᠢᠯᠠᠨ ᠬᠤᠯᠪᠣᠭᠠᠯᠠᠬᠤ ᠨᠢᠭᠡᠴᠡ᠂ ᠡᠪᠯᠡᠯ ᠤᠨ ᠬᠡᠯᠲᠡᠰ ᠵᠠᠮ ᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠬᠤᠳᠠ ᠪᠠᠶᠢᠭᠤᠯᠬᠤ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠭᠤᠣᠯᠳᠠᠯᠭ᠎ᠠ ᠪᠣᠯᠤᠨ ᠠᠩᠬᠠᠷᠬᠤ ᠵᠦᠢᠯᠡᠰ ᠢ ᠬᠠᠷᠢᠭᠤ ᠮᠡᠳᠡᠭᠦᠯᠵᠦ᠂ ᠳᠠᠷᠠᠭᠠᠴᠢ ᠶᠢᠨ ᠱᠠᠲᠤᠨ ᠤ ᠡᠭᠦᠳᠦᠨ ᠪᠠᠶᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠦ ᠪᠠᠶᠢᠨ᠎ᠠ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠬᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠠᠰᠠᠭᠤᠳᠠᠯ ᠢ ᠴᠢᠩᠭ᠎ᠠ ᠠᠩᠬᠠᠷᠴᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠳᠡᠭᠡᠭᠰᠢᠯᠡᠭᠦᠯᠬᠦ ᠶᠢ ᠠᠬᠢᠭᠤᠯᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠤᠨ ᠨᠠᠷᠢᠨ ᠲᠠᠩᠰᠠ ᠪᠠ ᠠᠵᠢᠯ ᠤᠨ ᠡᠬᠡ ᠲᠠᠩᠰᠠ ᠶᠢ ᠪᠠᠶᠢᠭᠤᠯᠵᠤ᠂ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠡᠭᠦᠳᠦᠨ ᠪᠠᠶᠢᠭᠤᠯᠬᠤ ᠪᠠᠷᠢᠮᠵᠢᠶ᠎ᠠ ᠶᠣᠰᠣᠭᠠᠷ᠂ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠳᠦᠷ ᠳᠤᠳᠤᠮ ᠤᠨ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠳᠤᠲᠠᠭᠤᠳᠠᠯ ᠢ ᠨᠥᠬᠦᠪᠥᠷᠢᠯᠡᠬᠦ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠠᠬᠢᠴᠠ ᠶᠢ ᠴᠢᠩᠭ᠎ᠠ ᠳᠠᠭᠠᠬᠤ ᠬᠡᠷᠡᠭᠲᠡᠢ᠃ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠤᠯᠠᠨ ᠳᠤ ᠮᠡᠳᠡᠭᠳᠡᠬᠦ ᠲᠣᠭᠲᠠᠴᠠ ᠶᠢ ᠪᠠᠶᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠬᠦᠴᠦᠨ ᠲᠠᠢ ᠡᠮᠬᠢ ᠵᠢᠷᠤᠮ ᠲᠠᠢ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠳᠤ ᠰᠠᠭᠤᠷᠢᠯᠠᠵᠤ᠂ ᠦᠨᠳᠦᠰᠦᠨ ᠵᠦᠢᠯ ᠢ ᠬᠠᠮᠢᠶᠠᠷᠬᠤ᠂ ᠠᠯᠤᠰ ᠬᠡᠳᠦ ᠳᠤ ᠠᠰᠢᠭᠲᠠᠢ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠠᠵᠢᠯ ᠤᠨ ᠲᠣᠭᠲᠠᠴᠠ ᠶᠢ ᠬᠦᠴᠦᠯᠡᠨ ᠰᠦᠪᠡᠭᠴᠢᠯᠡᠵᠦ᠂ ᠨᠡᠶᠢᠭᠡᠮ ᠲᠣᠭᠤᠷᠢᠭ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠪᠣᠯᠤᠨ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠨᠢᠦ ᠵᠢᠶᠦ᠋ᠨ᠂ ᠪᠠᠶᠢᠴᠠᠭᠠᠬᠤ ᠬᠤᠷᠢᠶ᠎ᠠ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠬᠠᠷᠢᠭᠤᠴᠠᠯᠭᠠᠲᠠᠨ ᠵᠢᠴᠢ ᠨᠡᠶᠢᠭᠡᠮ ᠲᠣᠭᠤᠷᠢᠭ ᠤᠨ ᠠᠵᠢᠯᠲᠠᠳ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠬᠦ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ