ᠮᠠᠨ ᠤ ᠬᠤᠲᠠ ᠶᠢᠨ ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠲᠡ ᠶᠢ ᠬᠢᠨᠠᠨ ᠵᠦᠪᠰᠢᠶᠡᠷᠡᠬᠦ ᠦᠢᠯᠡᠴᠢᠯᠡᠭᠡ ᠤᠯᠠᠮ ᠬᠤᠷᠳᠤᠨ ᠪᠣᠯᠪᠠ
ᠨᠡᠶᠢᠲᠡᠯᠡᠭᠰᠡᠨ ᠴᠠᠭ᠄
2022/8/26
      ︵ᠰᠤᠷᠪᠤᠯᠵᠢᠯᠠᠭᠴᠢ ᠯᠢᠦ ᠱᠠ ᠱᠠ︶ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠲᠡ ᠶᠢ ᠬᠢᠨᠠᠨ ᠵᠥᠪᠰᠢᠶᠡᠷᠡᠬᠦ ᠠᠵᠢᠯ ᠢ ᠦᠢᠯᠡᠴᠢᠯᠡᠭᠡᠨ ᠤ ᠪᠠᠲᠤᠯᠠᠭ᠎ᠠ ᠶᠢᠨ ︽ᠵᠢᠷᠭᠤᠭ᠎ᠠ ᠶᠢ ᠪᠠᠲᠤᠯᠠᠬᠤ︾ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠰᠦᠯᠵᠢᠶ᠎ᠡ ᠪᠠᠷ ᠭᠤᠶᠤᠴᠢᠯᠠᠨ ᠮᠡᠳᠡᠭᠦᠯᠵᠦ᠂ ᠵᠥᠷᠢᠶ᠎ᠡ ᠦᠭᠡᠢ ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠ ᠬᠠᠮᠢᠶᠠᠷᠤᠯᠲᠠ ᠶᠢᠨ ᠠᠷᠭ᠎ᠠ ᠪᠠᠷᠢᠯ ᠢᠶᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠬᠢᠨᠠᠨ ᠵᠥᠪᠰᠢᠶᠡᠷᠡᠬᠦ ᠲᠥᠷᠥᠯ ᠵᠦᠢᠯ ᠢ ᠠᠮᠢ ᠠᠬᠤᠢ ᠶᠢᠨ ᠤᠯᠠᠭᠠᠨ ᠱᠤᠭᠤᠮ ᠠᠴᠠ ᠳᠠᠪᠠᠭᠤᠯᠬᠤ ᠦᠭᠡᠢ ᠮᠥᠷᠲᠡᠭᠡᠨ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠭᠳᠠᠬᠤ ᠶᠢ ᠦᠨᠡᠨᠬᠦ ᠪᠠᠲᠤᠯᠠᠪᠠ᠃      ᠨᠢᠭᠡ ᠳᠤ ᠭᠤᠣᠯᠳᠠᠯᠭ᠎ᠠ ᠲᠠᠢ ᠲᠥᠷᠥᠯ ᠵᠦᠢᠯ ᠤᠨ ᠬᠠᠮᠢᠶᠠᠷᠤᠯᠲᠠ ᠶᠢᠨ ᠲᠠᠩᠰᠠ ᠪᠠᠶᠢᠭᠤᠯᠪᠠ᠃ ᠭᠤᠣᠯᠳᠠᠯᠭ᠎ᠠ ᠲᠠᠢ ᠲᠥᠷᠥᠯ ᠵᠦᠢᠯ ᠢ ᠬᠠᠷᠢᠶ᠎ᠠ ᠭᠠᠵᠠᠷ ᠢᠶᠠᠷ ᠬᠤᠪᠢᠶᠠᠷᠢᠯᠠᠵᠤ᠂ ᠲᠣᠪᠴᠢᠶ᠎ᠠ ᠶᠢᠨ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠵᠤ᠂ ᠬᠤᠪᠢᠶᠠᠷᠢ ᠲᠣᠪᠴᠢᠶ᠎ᠠ ᠭᠤᠣᠯᠳᠠᠯᠭ᠎ᠠ ᠲᠠᠢ ᠬᠢᠨᠠᠨ ᠭᠦᠢᠴᠡᠳᠬᠡᠵᠦ ᠳᠠᠭᠠᠵᠤ ᠦᠢᠯᠡᠴᠢᠯᠡᠬᠦ ᠶᠢ ᠬᠡᠷᠡᠭᠵᠢᠭᠦᠯᠬᠦ ᠶᠢᠨ ᠬᠠᠮᠲᠤ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠢᠳᠡᠪᠬᠢᠲᠡᠢ ᠬᠠᠷᠢᠯᠴᠠᠨ᠂ ᠲᠥᠷᠥᠯ ᠵᠦᠢᠯ ᠤᠨ ᠦᠨᠳᠦᠰᠦᠨ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠵᠦ᠂ ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠲᠡ ᠶᠢᠨ ᠬᠢᠨᠠᠨ ᠵᠥᠪᠰᠢᠶᠡᠷᠡᠯ ᠤᠨ ᠬᠠᠮᠢᠶᠠᠷᠤᠯᠲᠠ ᠶᠢᠨ ᠲᠥᠷᠥᠯ ᠢᠯᠭᠠᠯ ᠶᠣᠰᠣᠭᠠᠷ ᠨᠠᠷᠢᠯᠢᠭ ᠣᠨᠣᠪᠴᠢᠲᠠᠢ ᠦᠢᠯᠡᠴᠢᠯᠡᠭᠡ ᠬᠠᠩᠭᠠᠵᠤ᠂ ᠪᠦᠲᠦᠭᠡᠨ ᠪᠠᠶᠢᠭᠤᠯᠬᠤ ᠨᠢᠭᠡᠴᠡ ᠶᠢ ᠵᠢᠯᠤᠭᠤᠳᠴᠤ ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠲᠡ ᠶᠢ ᠬᠢᠨᠠᠨ ᠵᠦᠪᠰᠢᠶᠡᠷᠡᠬᠦ ᠭᠠᠷᠳᠠᠮ ᠢ ᠲᠥᠷᠥᠯ ᠬᠤᠪᠢᠶᠠᠨ ᠭᠦᠢᠴᠡᠳᠬᠡᠭᠦᠯᠵᠦ᠂ ᠬᠡᠯᠲᠦᠷᠢᠭᠦᠯᠬᠦ ᠶᠣᠰᠣᠲᠠᠢ ᠶᠢ ᠨᠢ ᠪᠦᠬᠦᠨ ᠢ ᠬᠡᠯᠲᠦᠷᠢᠭᠦᠯᠪᠡ᠃ ᠬᠤᠶᠠᠷ ᠲᠤ᠂ ︽ᠭᠤᠷᠪᠠᠨ ᠱᠤᠭᠤᠮ ᠨᠢᠭᠡ ᠬᠠᠭᠤᠳᠠᠰᠤ︾ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠦᠷ᠎ᠡ ᠪᠦᠲᠦᠭᠡᠯ ᠢ ᠭᠦᠢᠴᠡᠳ ᠠᠰᠢᠭᠯᠠᠪᠠ᠃ ︽ᠬᠥᠬᠡᠬᠤᠲᠠ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠣᠷᠣᠨ ᠪᠦᠰᠡ ᠶᠢ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠡᠷᠡᠭᠯᠡᠬᠦ ᠵᠦᠭᠯᠡᠭᠦᠷ︾ ᠢ ᠨᠡᠶᠢᠲᠡᠯᠡᠵᠦ᠂ ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠶᠢ ᠳᠥᠭᠦᠮᠴᠢᠯᠡᠪᠡ ᠃ ᠭᠤᠷᠪᠠ ᠳᠤ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠢᠳᠡᠪᠬᠢᠲᠡᠢ ᠲᠦᠯᠬᠢᠨ ᠠᠬᠢᠭᠤᠯᠪᠠ᠃ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠤᠷ ᠵᠣᠯᠭᠠᠬᠤ ᠦᠭᠡᠢ ᠪᠠᠷ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠮᠡᠳᠡᠭᠦᠯᠦᠭᠰᠡᠨ ᠳᠠᠷᠤᠢ ᠳᠤᠨᠢ ᠭᠥᠯᠢᠶᠡᠨ ᠠᠪᠴᠤ ᠲᠡᠷᠡ ᠳᠠᠷᠤᠢ  ᠳᠤᠨᠢ ᠰᠢᠯᠵᠢᠭᠦᠯᠦᠨ ᠦᠨᠡᠯᠡᠭᠦᠯᠬᠦ ᠪᠣᠯᠭᠠᠪᠠ᠃ ᠳᠥᠷᠪᠡ ᠳᠤ᠂ ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠲᠡ ᠶᠢ ᠨᠠᠶᠢᠷᠠᠭᠤᠯᠤᠨ ᠵᠣᠬᠢᠶᠠᠬᠤ ᠨᠢᠭᠡᠴᠡ ᠶᠢ ᠬᠢᠨᠠᠨ ᠰᠢᠯᠭᠠᠬᠤ ᠬᠠᠮᠢᠶᠠᠷᠬᠤ ᠶᠢ ᠴᠢᠩᠭᠠᠳᠬᠠᠵᠤ᠂ ᠬᠢᠨᠠᠨ ᠵᠥᠪᠰᠢᠶᠡᠷᠡᠬᠦ ᠬᠤᠭᠤᠴᠠᠭ᠎ᠠ ᠶᠢ ᠬᠠᠤᠯᠢ ᠳᠤ ᠲᠣᠭᠲᠠᠭᠠᠭᠰᠠᠨ ᠬᠤᠭᠤᠴᠠᠭ᠎ᠠ ᠠᠴᠠ 50% ᠠᠴᠠ ᠳᠡᠭᠡᠭᠰᠢ ᠪᠠᠭᠠᠰᠬᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ