ᠭᠤᠤ ᠹᠧᠩ ᠬᠤᠷᠢᠨᠭᠡᠷ ᠰᠢᠶᠠᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/8/29
8.29高峰深入和林格尔县第三幼儿园调研督导疫情防控工作1.jpg
8.29高峰深入和林格尔县第三幼儿园调研督导疫情防控工作2.jpg
      8 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠷᠢᠨᠭᠡᠷ ᠰᠢᠶᠠᠨ ᠤ ᠭᠤᠷᠪᠠᠳᠤᠭᠠᠷ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠰᠤᠷᠭᠠᠭᠤᠯᠢ ᠶᠢᠨ ᠡᠭᠦᠳᠡᠨ ᠳᠠᠬᠢ ᠦᠯᠡᠳᠡᠭᠡᠨ ᠠᠵᠢᠭᠯᠠᠬᠤ ᠲᠠᠰᠤᠭ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠴᠡᠭ᠂ ᠬᠤᠭᠤᠯᠠᠨ ᠬᠡᠷ ᠤᠨ ᠠᠵᠢᠯᠯᠠᠬᠤ ᠲᠠᠰᠤᠭ᠂ ᠤᠬᠢᠶᠠᠵᠤ ᠠᠷᠢᠭᠤᠳᠬᠠᠬᠤ ᠲᠠᠰᠤᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠭᠰᠠᠨ ᠪᠠᠶᠢᠨ᠎ᠠ᠃      ᠭᠤᠤ ᠹᠧᠩ ᠲᠣᠭᠤᠭᠠᠨ ᠬᠡᠷ ᠤᠨ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠷᠢᠭᠤᠳᠬᠠᠵᠤ ᠰᠠᠯᠬᠢ ᠨᠡᠪᠲᠡᠷᠡᠭᠦᠯᠦᠭᠰᠡᠨ ᠲᠡᠮᠳᠡᠭᠯᠡᠯ ᠢ ᠪᠠᠶᠢᠴᠠᠭᠠᠨ ᠦᠵᠡᠵᠦ᠂ ᠬᠡᠤᠬᠡᠳ ᠤᠨ ᠴᠡᠴᠡᠷᠯᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠬᠦᠭᠡᠷᠦᠮᠵᠢ᠂ ᠳᠤᠯᠠᠭᠠᠨ ᠢ ᠬᠡᠮᠵᠢᠨ ᠠᠷᠢᠭᠤᠳᠬᠠᠬᠤ ᠪᠠᠭᠠᠵᠢ ᠬᠡᠷᠡᠭᠰᠡᠯ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠵᠢᠴᠢ ᠢᠳᠡᠭᠡᠨ ᠤ ᠠᠷᠢᠭᠤᠨ ᠴᠡᠪᠡᠷ ᠵᠡᠷᠭᠡ ᠲᠠᠯ᠎ᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠬᠡᠤᠬᠡᠳ ᠤᠨ ᠴᠡᠴᠡᠷᠯᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠤᠲᠠᠯᠠᠵᠤ ᠪᠠᠶᠢᠬᠤ ᠪᠠᠨ ᠢᠯᠡᠳᠬᠡᠪᠡ᠃      ᠭᠤᠤ ᠹᠧᠩ ᠴᠢᠬᠤᠯᠠᠴᠢᠯᠠᠬᠤ ᠳᠠᠭᠠᠨ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠱᠠᠲᠤᠨ ᠳᠤ ᠣᠷᠣᠰᠢᠵᠤ᠂ ᠬᠡᠦᠬᠡᠳ ᠤᠨ ᠴᠡᠴᠡᠷᠯᠢᠭ ᠬᠢᠵᠢᠭ ᠢ ᠰᠡᠷᠭᠡᠶᠢᠯᠡᠬᠦ ᠠᠵᠢᠯ ᠤᠨ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠤᠷᠢᠳᠴᠢᠯᠠᠨ ᠰᠠᠶᠢᠲᠤᠷ ᠬᠢᠵᠦ᠂ ᠬᠢᠵᠢᠭ ᠢ ᠰᠡᠷᠭᠡᠶᠢᠯᠡᠬᠦ ᠡᠳ᠋ ᠪᠣᠳᠠᠰ ᠢ ᠭᠦᠢᠴᠡᠳ ᠪᠡᠯᠡᠳᠬᠡᠵᠦ᠂ ᠣᠷᠴᠢᠨ ᠲᠣᠭᠤᠷᠢᠨ ᠤ ᠤᠰᠠᠳᠤᠯ ᠢ ᠴᠢᠩᠭᠠᠳᠬᠠᠵᠤ᠂ ᠰᠤᠷᠤᠭᠴᠢᠳ ᠤᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠣᠶᠢᠯᠠᠭᠠᠵᠤ᠂ ᠰᠤᠷᠭᠠᠭᠤᠯᠢ ᠳᠤ ᠣᠷᠣᠬᠤ ᠬᠥᠮᠦᠰ ᠤᠨ ︽ᠰᠢᠷᠪᠢᠬᠦ ᠶᠣᠰᠣᠲᠠᠢ ᠶᠢ ᠨᠢ ᠪᠦᠬᠦᠨ ᠢ ᠰᠢᠷᠪᠢᠬᠦ︾᠂ ︽ᠰᠢᠷᠪᠢᠬᠦ ᠲᠣᠬᠢᠶᠠᠯᠳᠤᠪᠠᠯ ᠵᠠᠪᠠᠯ ᠪᠠᠶᠢᠴᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠳᠤ ᠣᠷᠣᠬᠤ ᠪᠣᠭᠤᠮᠲᠠ ᠶᠢ ᠰᠠᠶᠢᠲᠤᠷ ᠡᠵᠡᠮᠳᠡᠵᠦ᠂ ᠰᠤᠷᠭᠠᠭᠤᠯᠢ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠦᠨᠡᠨᠬᠦ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠴᠢᠩᠭ᠎ᠠ᠂ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠰᠤᠷᠭᠠᠭᠤᠯᠢ ᠡᠬᠢᠯᠡᠬᠦ ᠦᠶ᠎ᠡ ᠶᠢᠨ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ︽ᠬᠡᠦᠬᠡᠳ ᠤᠳ ᠤᠨ ᠡᠷᠡᠭᠦᠯ ᠮᠡᠨᠳᠦ ᠪᠠᠶᠠᠷ ᠬᠥᠷ ᠲᠠᠢ ᠪᠠᠷ ᠦᠰᠦᠨ ᠪᠤᠶᠢᠵᠢᠬᠤ ᠪᠣᠯ ᠰᠠᠶ᠋ᠢ ᠬᠠᠮᠤᠭ ᠤᠨ ᠴᠢᠬᠤᠯᠠ ᠶᠤᠮ︾᠂ ᠭᠤᠣ ᠹᠧᠩ ᠬᠡᠯᠡᠬᠦ ᠳᠡᠭᠡᠨ᠂ ︽ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠵᠡᠷᠭᠡ ᠳᠤ ᠪᠠᠰᠠ ᠥᠷᠭᠡᠨ ᠣᠯᠠᠨ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠭᠰᠢ ᠰᠤᠷᠤᠭᠴᠢᠳ ᠲᠤ ᠪᠠᠲᠤ ᠪᠠᠬᠢ ᠠᠮᠤᠷ ᠲᠦᠪᠰᠢᠨ ᠤ ᠬᠠᠯᠬᠠᠪᠴᠢ ᠶᠢ ᠪᠤᠶ ᠪᠣᠯᠭᠠᠵᠤ ᠥᠭᠬᠦ ᠬᠡᠷᠡᠭᠲᠡᠶ︾ ᠭᠡᠵᠡᠶ᠃      ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠢᠨᠠᠨ ᠵᠢᠯᠣᠭᠤᠳᠬᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ