8 ᠳ᠋ᠤᠭᠠᠷ ᠰᠠᠷ᠎ᠠ ᠶᠢᠨ 28 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/29
      8 ᠳ᠋ᠤᠭᠠᠷ ᠰᠠᠷ᠎ᠠ ᠶᠢᠨ 28 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ︵ᠪᠦᠬᠦᠨ ᠢ ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠣᠢ︶ ᠨᠡᠮᠡᠭᠳᠡᠪᠡ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 2 ᠬᠥᠮᠥᠨ ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠢ︶ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃       8 ᠳ᠋ᠤᠭᠠᠷ ᠰᠠᠷ᠎ᠠ ᠶᠢᠨ 28 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 30 ᠪᠤᠢ᠂ ᠡᠭᠦᠨ ᠳᠤ ᠪᠤᠭᠤᠲᠤ ᠬᠤᠲᠠ ᠳᠤ 2 ︵ᠴᠥᠮ ᠴᠢᠩ ᠱᠠᠨ ᠲᠣᠭᠤᠷᠢᠭ ᠲᠤ ᠪᠣᠢ︶᠂ ᠬᠥᠯᠥᠨ ᠪᠣᠶᠢᠷ ᠬᠤᠲᠠ ᠳᠤ 6 ︵ᠴᠥᠮ ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 8 ︵ᠴᠥᠮ ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 7 ︵ᠴᠥᠮ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠳᠤ ᠪᠣᠢ︶᠂ ᠣᠷᠳᠣᠰ ᠬᠤᠲᠠ ᠳᠤ 7 ︵ᠵᠡᠭᠦᠨᠭᠠᠷ ᠬᠤᠰᠢᠭᠤᠨ ᠳᠤ 5᠂ ᠣᠲᠤᠭ ᠬᠤᠰᠢᠭᠤᠨ ᠳᠤ 2 ᠪᠣᠢ︶ ᠪᠣᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 17 ᠪᠣᠢ᠂ ᠡᠭᠦᠨ ᠳᠤ ᠬᠥᠯᠥᠨ ᠪᠣᠶᠢᠷ ᠬᠤᠲᠠ ᠳᠤ 2 ︵ᠴᠥᠮ ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 9 ︵ᠴᠥᠮ ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 3 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 2︶᠂  ᠠᠯᠠᠱᠠ ᠠᠶᠢᠮᠠᠭ ᠲᠤ 3 ︵ᠴᠥᠮ ᠠᠯᠠᠱᠠ ᠵᠡᠭᠦᠨ ᠬᠤᠰᠢᠭᠤᠨ ᠳᠤ ᠪᠣᠢ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 11᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 12 ᠪᠠᠶᠢᠵᠤ᠂ ᠴᠥᠮ ᠬᠥᠬᠡᠬᠤᠲᠠ ᠳᠤ ᠪᠣᠢ᠃ ᠳᠡᠭᠡᠷᠡᠬᠢ ᠬᠦᠮᠦᠰ ᠢ ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ