ᠬᠤᠷᠢᠨᠭᠡᠷ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ ᠣᠯᠭᠤᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ
ᠨᠡᠶᠢᠲᠡᠯᠡᠭᠰᠡᠨ ᠴᠠᠭ᠄
2022/8/3
      ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠭᠦᠷᠭᠡᠯᠡᠬᠦ ᠶᠢᠨ ᠲᠤᠰᠠᠳᠠ᠂ ︽ᠬᠤᠷᠢᠨᠭᠡᠷ ᠰᠢᠶᠠᠨ ᠤ ᠴᠡᠷᠢᠭ ᠠᠴᠠ ᠬᠠᠯᠠᠭᠳᠠᠭᠰᠠᠳ ᠵᠢᠴᠢ  ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠬᠤ ᠪᠠ ᠬᠠᠷᠠᠭᠠᠯᠵᠠᠯ ᠤᠨ ᠦᠨᠡᠮᠯᠡᠯ ᠢ ᠭᠤᠶᠤᠴᠢᠯᠠᠨ ᠠᠪᠴᠤ ᠣᠯᠭᠤᠬᠤ ᠠᠵᠢᠯ ᠤᠨ ᠲᠥᠰᠦᠯ︾ ᠶᠣᠰᠣᠭᠠᠷ᠂ 8 ᠰᠠᠷ᠎ᠠ ᠶᠢᠨ 2 ᠤᠨ ᠡᠳᠦᠷ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠬᠠᠮᠲᠤᠷᠠᠯᠴᠠᠭᠠᠨ ᠤ ᠪᠠᠩᠬᠢ ᠲᠠᠢ ᠢᠳᠡᠪᠬᠢᠲᠡᠶ ᠬᠠᠷᠢᠯᠴᠠᠵᠤ᠂ ᠲᠤᠬᠠᠶ ᠶᠢᠨ ᠲᠠᠯᠠᠪᠤᠷ ᠲᠤ 172 ᠴᠡᠷᠢᠭ ᠠᠴᠠ ᠬᠠᠯᠠᠭᠳᠠᠭᠰᠠᠳ ᠲᠤ ᠬᠠᠷᠠᠭᠠᠯᠵᠠᠯ ᠤᠨ ᠦᠨᠡᠮᠯᠡᠯ ᠣᠯᠭᠤᠬᠤ ᠶᠢᠨ ᠬᠠᠮᠲᠤ ᠮᠥᠩᠭᠦᠨ ᠭᠦᠢᠯᠭᠡᠭᠡᠨ ᠤ ᠴᠢᠳᠠᠮᠵᠢ ᠶᠢ ᠨᠡᠪᠲᠡᠷᠡᠭᠦᠯᠵᠦ᠂ ᠬᠠᠷᠠᠭᠠᠯᠵᠠᠯ ᠤᠨ ᠦᠨᠡᠮᠯᠡᠯ ᠢ ᠭᠤᠶᠤᠴᠢᠯᠠᠨ ᠠᠪᠴᠤ ᠣᠯᠭᠤᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠠ᠃      ᠣᠲᠣ ᠪᠣᠯᠲᠠᠯ᠎ᠠ᠂ ᠪᠥᠬᠦ ᠰᠢᠶᠠᠨ ᠤ ᠳᠡᠩᠰᠡᠯᠡᠨ ᠺᠠᠷᠲᠯᠠᠭᠰᠠᠨ ᠭᠤᠶᠤᠴᠢᠯᠠᠯ ᠢ 1673 ᠬᠥᠮᠦᠨ ᠭᠥᠯᠢᠶᠡᠨ ᠠᠪᠴᠤ ᠰᠢᠢᠳᠪᠦᠷᠢᠯᠡᠵᠡᠢ᠃ ᠬᠠᠷᠠᠭᠠᠯᠵᠠᠯ ᠤᠨ ᠦᠨᠡᠮᠯᠡᠯ ᠢ ᠭᠤᠶᠤᠴᠢᠯᠠᠨ ᠠᠪᠬᠤ ᠪᠠᠷ ᠭᠤᠶᠤᠴᠢᠯᠠᠭᠰᠠᠳ ᠲᠤ 1718 ᠬᠥᠮᠦᠨ ᠢ ᠭᠥᠯᠢᠶᠡᠨ ᠠᠪᠴᠤ᠂ ᠨᠢᠭᠡᠨᠲᠡ 702 ᠬᠠᠷᠠᠭᠠᠯᠵᠠᠯ ᠤᠨ ᠦᠨᠡᠮᠯᠡᠯ ᠢ ᠬᠤᠷᠢᠶᠠᠨ ᠣᠯᠵᠠᠶ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠢ ᠳᠤᠲᠠᠭᠤ ᠭᠦᠶᠦᠯᠭᠡᠬᠦ ᠶᠢᠨ ᠲᠥᠯᠥᠭᠡ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠬᠦ ᠬᠡᠷᠡᠭᠲᠡᠶ᠃ ᠪᠦᠬᠦ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠲᠥᠷᠥ ᠶᠢᠨ ᠪᠣᠳᠣᠯᠭ᠎ᠠ ᠶᠢᠨ ᠬᠠᠷᠢᠭᠤᠯᠲᠠ ᠥᠭᠬᠦ᠂ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ᠂ ᠮᠡᠳᠡᠭᠡ ᠵᠠᠩᠭᠢ ᠳᠠᠩᠰᠠᠯᠠᠬᠤ᠂ ᠦᠵᠡᠯ ᠰᠠᠨᠠᠭ᠎ᠠ ᠪᠠᠨ ᠨᠡᠪᠲᠡᠷᠡᠯᠴᠡᠬᠦ ᠵᠡᠷᠭᠡ ᠡᠯ᠎ᠡ ᠭᠤᠭᠴᠤᠭ᠎ᠠ ᠶᠢᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠭᠦᠢᠴᠡᠳᠬᠡᠬᠦ ᠳᠤ ᠬᠤᠷᠳᠤᠴᠠ ᠲᠠᠢ᠂ ᠦᠢᠯᠡᠴᠢᠯᠡᠭᠡ ᠳᠤ ᠬᠠᠯᠠᠭᠤᠨ ᠳᠤᠯᠠᠭᠠᠨ ᠪᠠᠶᠢᠬᠤ ᠶᠢ ᠦᠨᠡᠨᠬᠦ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠨ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠴᠢᠩᠭᠠᠷᠠᠭᠤᠯᠵᠤ᠂ ᠬᠢᠨᠠᠨ ᠬᠠᠷᠭᠤᠭᠤᠯᠵᠤ ᠣᠷᠣᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠤᠷᠰᠢᠭᠰᠠᠨ ᠪᠠᠩᠬᠢ ᠯᠤᠭ᠎ᠠ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠨ᠂ ᠳᠡᠩᠰᠡᠯᠡᠨ ᠺᠠᠷᠲᠯᠠᠬᠤ ᠪᠠ ᠬᠠᠷᠠᠭᠠᠯᠵᠠᠯ ᠤᠨ ᠦᠨᠡᠮᠯᠡᠯ ᠢ ᠬᠢᠨᠠᠨ ᠣᠯᠭᠤᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠰᠢᠶᠠᠨ ᠤ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠡᠢ᠃      ᠳᠠᠷᠠᠭ᠎ᠠ ᠶᠢᠨ ᠠᠯᠬᠤᠮ ᠳᠤ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠮᠵᠢᠯᠴᠠᠬᠤ ᠶᠢ ᠴᠢᠩᠭᠠᠳᠬᠠᠵᠤ᠂ ᠤᠯᠠᠨ ᠠᠷᠭ᠎ᠠ ᠬᠡᠮᠵᠢᠶ᠎ᠡ ᠠᠪᠴᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠮᠠᠨ ᠤ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠪᠣᠯᠤᠨ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠲᠠᠩᠰᠠᠯᠠᠨ ᠺᠠᠷᠲᠯᠠᠬᠤ ᠵᠢᠴᠢ ᠬᠠᠷᠠᠭᠠᠯᠵᠠᠯ ᠤᠨ ᠦᠨᠡᠮᠯᠡᠯ ᠢ ᠭᠤᠶᠤᠴᠢᠯᠠᠨ ᠠᠪᠬᠤ ᠪᠠ ᠣᠯᠭᠤᠬᠤ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠷᠰᠢᠭᠰᠠᠨ ᠪᠠᠩᠬᠢ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠬᠢᠨ ᠢ ᠢᠳᠡᠪᠬᠢᠲᠡᠢ ᠪᠠᠷ ᠲᠡᠮᠡᠴᠡᠨ ᠣᠯᠵᠤ᠂ ᠦᠨᠡᠮᠯᠡᠯ ᠭᠠᠷᠳᠠᠭᠰᠠᠳ ᠲᠤ ᠤᠯᠠᠨ ᠡᠰᠢᠴᠢᠯᠡᠭᠰᠡᠨ ᠬᠠᠷᠠᠭᠠᠯᠵᠠᠯ ᠤᠨ ᠦᠢᠯᠡᠴᠢᠯᠡᠭᠡ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ