ᠪᠠᠷᠠᠭᠤᠨ ᠣᠷᠣᠨ ᠤ ᠲᠦᠯᠦᠪᠯᠡᠭᠡ ᠶᠢᠨ 1053 ᠰᠠᠶᠢᠨ ᠳᠤᠷᠠᠴᠤᠳ ᠮᠠᠨ ᠤ ᠣᠷᠣᠨ ᠤ ᠬᠥᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠡᠮᠦᠨ᠎ᠡ ᠹᠷᠤᠨᠲ ᠲᠤ ᠬᠦᠷᠪᠡ
ᠨᠡᠶᠢᠲᠡᠯᠡᠭᠰᠡᠨ ᠴᠠᠭ᠄
2022/8/3
      7 ᠰᠠᠷ᠎ᠠ ᠶᠢᠨ 29 ᠤ ᠡᠳᠦᠷ᠂ 2022 ᠣᠨ ᠤ ᠦᠪᠦᠷ ᠮᠣᠩᠭᠤᠯ ᠤᠨ ᠤᠶᠤᠲᠠᠳ ᠤᠨ ᠪᠠᠷᠠᠭᠤᠨ ᠣᠷᠣᠨ ᠳᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠲᠦᠯᠦᠪᠯᠡᠭᠡ ᠶᠢᠨ ᠰᠠᠶᠢᠨ ᠳᠤᠷᠠᠴᠤᠳ ᠤᠨ ᠮᠣᠷᠳᠠᠬᠤ ᠶᠣᠰᠤᠯᠠᠯ ᠬᠦᠬᠡᠬᠤᠲᠠ ᠳᠤ ᠶᠠᠪᠤᠭᠳᠠᠵᠠᠢ᠃ ᠡᠶᠢᠨ ᠬᠦ 1053 ᠰᠠᠶᠢᠨ ᠳᠤᠷᠠᠴᠤᠳ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠳᠤ ᠬᠦᠷᠴᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠳᠤ ᠵᠠᠯᠠᠭᠤ  ᠨᠠᠰᠤᠨ ᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃    ︽ᠦᠪᠦᠷ ᠮᠣᠩᠭᠤᠯ ᠪᠣᠯ ᠮᠢᠨᠤ ᠬᠤᠶᠠᠳᠤᠭᠠᠷ ᠨᠤᠲᠤᠭ ᠮᠦᠨ᠂ ᠪᠢᠳᠡ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠠᠮᠠᠯᠠᠯᠲᠠ ᠪᠠᠨ ᠦᠢᠯᠡᠳᠦᠯᠭᠡᠵᠢᠭᠦᠯᠵᠦ᠂ ᠵᠠᠯᠠᠭᠤ  ᠨᠠᠰᠤᠨ ᠤ ᠭᠡᠷᠡᠯ ᠭᠢᠯᠪᠠᠭ᠎ᠠ ᠪᠠᠨ  ᠰᠠᠴᠤᠷᠠᠭᠤᠯᠤᠨ᠎ᠠ︾ ᠭᠡᠵᠦ ᠪᠡᠭᠡᠵᠢᠩ ᠶᠡᠭᠡ ᠰᠤᠷᠭᠠᠭᠤᠯᠢ ᠶᠢᠨ 2022 ᠣᠨ ᠤ ᠪᠠᠷᠠᠭᠤᠨ ᠣᠷᠣᠨ ᠤ ᠲᠦᠯᠦᠪᠯᠡᠭᠡ ᠶᠢᠨ ᠠᠰᠫᠢᠷᠠᠨᠲ ᠤᠨ ᠰᠤᠷᠭᠠᠨ ᠬᠦᠮᠦᠵᠢᠯ ᠢ ᠳᠡᠮᠵᠢᠬᠦ ᠪᠦᠯᠬᠦᠮ ᠤᠨ ᠰᠠᠶᠢᠨ ᠳᠤᠷ᠎ᠠ ᠶᠢᠨ ᠠᠵᠢᠯᠯᠠᠭᠴᠢ ᠵᠧᠩ ᠹᠠᠩ ᠢ ᠬᠡᠯᠡᠯ᠎ᠡ᠃      ᠣᠶᠢᠯᠠᠭᠠᠭᠰᠠᠨ ᠢᠶᠠᠷ᠂ 2022 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠨ᠎ᠡ ᠪᠠᠷ ᠪᠠᠷᠠᠭᠤᠨ ᠣᠷᠣᠨ ᠤ ᠲᠦᠯᠦᠪᠯᠡᠭᠡ ᠶᠢᠨ ᠰᠠᠶᠢᠨ ᠳᠤᠷᠠᠴᠤᠳ ᠢ 1053 ᠬᠦᠮᠦᠨ ᠡᠯᠰᠡᠵᠡᠢ᠂ ᠡᠭᠦᠨ ᠳᠤ ᠪᠦᠬᠦ ᠤᠯᠤᠰ ᠤᠨ ᠲᠦᠷᠦᠯ ᠵᠦᠢᠯ ᠤᠨ ᠰᠠᠶᠢᠨ ᠳᠤᠷᠠᠴᠣᠳ 400 ᠬᠦᠮᠦᠨ ᠪᠠᠶᠢᠵᠣ᠂ ︽ᠤᠶᠤᠳᠠᠳ ᠤᠨ ᠰᠠᠶᠢᠨ ᠳᠤᠷ᠎ᠠ ᠠᠴᠠ ᠪᠠᠨ ᠬᠥᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠦᠢᠯᠡᠴᠢᠯᠡᠬᠦ︾ ᠪᠠᠷᠠᠭᠤᠨ ᠣᠷᠣᠨ ᠤ ᠲᠦᠯᠦᠪᠯᠡᠭᠡ ᠶᠢᠨ ᠥᠪᠥᠷ ᠮᠣᠩᠭᠤᠯ ᠤᠨ ᠣᠷᠣᠨ ᠨᠤᠲᠤᠭ ᠤᠨ ᠲᠦᠷᠦᠯ ᠵᠦᠢᠯ ᠤᠨ ᠰᠠᠶᠢᠨ ᠳᠤᠷᠠᠴᠤᠳ 653 ᠬᠦᠮᠦᠨ ᠪᠣᠢ᠃      ᠤᠶᠤᠲᠠᠳ ᠤᠨ ᠪᠠᠷᠠᠭᠤᠨ ᠣᠷᠣᠨ ᠳᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠲᠦᠯᠦᠪᠯᠡᠭᠡ ᠶᠢᠨ ᠲᠦᠷᠦᠯ ᠵᠦᠢᠯ ᠢ ᠣᠨ ᠳᠤ ᠦᠪᠦᠷ ᠮᠣᠩᠭᠤᠯ ᠳᠤ ᠬᠡᠷᠡᠭᠵᠢᠬᠦᠯᠦᠭᠰᠡᠨ ᠠᠴᠠ ᠨᠠᠭᠠᠰᠢ᠂ ᠰᠠᠶᠢᠨ ᠳᠤᠷᠠᠴᠤᠳ ᠨᠡᠶᠢᠲᠡ 1.2 ᠭᠠᠷᠤᠢ ᠲᠦᠮᠡ ᠬᠦᠷᠴᠦ᠂ ᠡᠭᠦᠨ ᠳᠤ 6000 ᠭᠠᠷᠤᠢ ᠰᠠᠶᠢᠨ ᠳᠤᠷᠠᠴᠤᠳ ᠨᠢ ᠦᠢᠯᠡᠴᠢᠯᠡᠬᠦ ᠬᠤᠭᠤᠴᠠᠭ᠎ᠠ ᠨᠢ ᠭᠦᠢᠴᠡᠭᠰᠡᠨ ᠤ ᠳᠠᠷᠠᠭ᠎ᠠ ᠦᠪᠦᠷ ᠮᠣᠩᠭᠤᠯ ᠤᠨ ᠪᠦᠳᠦᠭᠡᠨ ᠪᠠᠶᠢᠭᠤᠯᠤᠯᠲᠠ ᠳᠤ ᠥᠷᠭᠦᠯᠵᠢᠯᠡᠨ ᠣᠷᠤᠯᠴᠠᠬᠤ ᠪᠠᠷ ᠨᠢᠭᠡᠨᠲᠡ ᠥᠪᠥᠷ ᠮᠣᠩᠭᠤᠯ ᠣᠷᠣᠨ ᠳᠤ ᠨᠤᠲᠤᠭᠰᠢᠵᠠᠢ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ ᠤ ᠨᠡᠶᠢᠲᠡ ᠶᠢᠨ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ