ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠤᠨ | ᠥᠯᠢᠭᠡᠷ ᠢ ᠰᠠᠶᠢᠲᠤᠷ ᠶᠠᠷᠢᠵᠤ᠂ ᠴᠡᠷᠢᠭ ᠠᠴᠠ ᠬᠠᠯᠠᠭᠳᠠᠭᠰᠠᠳ ᠤᠨ ︽ᠴᠡᠷᠢᠭ ᠡᠴᠡᠬᠠᠯᠠᠭᠳᠠᠭᠰᠠᠨ ᠴᠤ ᠥᠩᠭᠡ ᠪᠠᠭᠤᠷᠠᠬᠤ ᠦᠭᠡᠢ᠂ ᠴᠡᠷᠢᠭ ᠠᠴᠠ | ᠬᠠᠯᠠᠭᠳᠠᠭᠰᠠᠨ ᠴᠤ ᠵᠣᠷᠢᠭ ᠮᠣᠬᠤᠬᠤ ᠦᠭᠡᠢ︾ ᠴᠤᠭ ᠵᠢᠪᠬᠤᠭ᠎ᠠ ᠶᠢ ᠢᠯᠡᠷᠡᠭᠦᠯᠬᠦ ᠶᠢᠨ ᠲᠥᠯᠥᠭᠡ᠂ 7 ᠳ᠋ᠤᠭᠠᠷ ᠰᠠᠷ᠎ᠠ ᠶᠢᠨ 31 ᠤ ᠣᠷᠣᠢ᠂ 2022 | ᠣᠨ ᠤ ᠬᠥᠬᠡᠬᠤᠲᠠ ᠶᠢᠨ ︽ᠬᠠᠮᠤᠭ ᠤᠨ ᠭᠤᠶᠣ ᠴᠡᠷᠢᠭ ᠠᠴᠠ ᠬᠠᠯᠠᠭᠳᠠᠭᠰᠠᠳ︾ ᠢ ᠨᠡᠶᠢᠲᠡᠯᠡᠬᠦ ᠶᠣᠰᠣᠯᠠᠯ ᠬᠥᠬᠡᠬᠤᠲᠠ ᠶᠢᠨ ᠶᠡᠭᠡ ᠵᠣᠣ ᠲᠠᠯᠠᠪᠠᠶ ᠳᠤ | ᠶᠠᠪᠤᠭᠳᠠᠪᠠ᠃ | ᠲᠠᠨᠢᠯᠴᠠᠭᠤᠯᠤᠭᠰᠠᠨ ᠢᠶᠠᠷ᠂ ᠲᠣᠰ ᠤᠳᠠᠭ᠎ᠠ ᠨᠡᠶᠢᠲᠡᠯᠡᠭᠰᠡᠨ 2022 ᠣᠨ ᠤ ᠬᠥᠬᠡᠬᠤᠲᠠ ᠶᠢᠨ 56 ︽ᠬᠠᠮᠤᠭ ᠤᠨ ᠭᠤᠶᠣ ᠴᠡᠷᠢᠭ ᠠᠴᠠ | ᠬᠠᠯᠠᠭᠳᠠᠭᠰᠠᠳ︾ ᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ | ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠭᠠᠵᠠᠷ ᠵᠡᠷᠭᠡ ᠭᠤᠷᠪᠠᠨ ᠨᠢᠭᠡᠴᠡ ᠠᠴᠠ ᠴᠢᠩᠭ᠎ᠠ ᠰᠢᠯᠢᠨ | ᠰᠣᠩᠭᠤᠬᠤ ᠴᠣᠪᠤᠷᠠᠯ ᠢᠶᠠᠷ ᠳᠠᠮᠵᠢᠨ ᠲᠣᠭᠲᠠᠭᠠᠭᠰᠠᠨ ᠶᠤᠮ᠃ ᠲᠡᠳᠡ ᠪᠣᠯ ᠴᠥᠮ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠢᠯ ᠬᠢᠵᠦ | ᠦᠢᠯᠡᠰ ᠪᠦᠲᠦᠭᠡᠬᠦ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ᠂ ᠨᠡᠶᠢᠲᠡ ᠶᠢᠨ ᠠᠰᠠᠷᠠᠮᠵᠢ ᠪᠠᠷ ᠬᠠᠶᠢᠷ᠎ᠠ ᠬᠠᠯᠠᠮᠵᠢ ᠪᠠᠨ ᠳᠠᠮᠵᠢᠭᠤᠯᠬᠤ᠂ | ᠠᠶᠤᠯ ᠠᠴᠠ ᠠᠪᠤᠷᠠᠵᠤ ᠬᠦᠴᠢᠷᠳᠡᠯᠲᠡᠢ ᠶᠢ ᠲᠤᠰᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠲᠣᠪᠣᠶᠢᠮ᠎ᠠ ᠠᠮᠵᠢᠯᠲᠠ ᠪᠦᠲᠦᠮᠵᠢ | ᠭᠠᠷᠭᠠᠭᠰᠠᠨ ᠰᠢᠯᠢᠳᠡᠭ ᠴᠡᠷᠢᠭ ᠠᠴᠠ ᠬᠠᠯᠠᠭᠳᠠᠭᠰᠠᠳ ᠪᠣᠯᠣᠨ᠎ᠠ᠃ ᠲᠡᠳᠡᠨ ᠤ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠨ ᠤᠬᠠᠭᠤᠯᠬᠤ ᠪᠠᠷ | ᠳᠠᠮᠵᠢᠭᠤᠯᠤᠨ᠂ ᠨᠡᠶᠢᠭᠡᠮ ᠳᠠᠶᠠᠭᠠᠷ ᠲᠤ ᠢᠳᠡᠪᠬᠢ ᠬᠦᠴᠦᠨ ᠢ ᠪᠠᠳᠠᠷᠠᠭᠤᠯᠵᠤ᠂ ᠥᠷᠭᠡᠨ ᠤᠯᠠᠨ ᠴᠡᠷᠢᠭ ᠠᠴᠠ ᠬᠠᠯᠠᠭᠳᠠᠭᠰᠠᠳ ᠤᠨ ᠰᠢᠨ᠎ᠡ ᠠᠶᠠᠨ ᠳᠤ | ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠪᠠᠷ ᠴᠢᠷᠮᠠᠶᠢᠬᠤ ᠶᠢ ᠬᠦᠲᠦᠯᠦᠨ ᠲᠠᠭᠠᠭᠤᠯᠪᠠ᠃ | |