ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/8/30
      ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠲᠣᠮᠢᠯᠠᠭᠰᠠᠨ ᠠᠵᠢᠯᠲᠠᠨ ᠤ ᠡᠯ᠎ᠡ ᠰᠡᠷᠭᠡᠶᠢᠯᠡᠨ ᠡᠵᠡᠮᠳᠡᠬᠦ ᠴᠡᠭ ᠢ ᠰᠠᠬᠢᠨ ᠬᠠᠮᠠᠭᠠᠯᠠᠬᠤ ᠶᠢ ᠬᠠᠮᠢᠶᠠᠷᠬᠤ ᠪᠠ ᠬᠠᠯᠠᠮᠵᠢᠯᠠᠨ ᠬᠠᠶᠢᠷᠠᠯᠠᠬᠤ ᠠᠵᠢᠯ ᠢ ᠤᠯᠠᠮ ᠨᠢᠭᠡ ᠠᠯᠬᠤᠮ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 8 ᠰᠠᠷ᠎ᠠ ᠶᠢᠨ 26 ᠤ ᠡᠳᠦᠷ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠺᠠᠳ᠋ᠷ ᠠᠵᠢᠯᠲᠠᠨ ᠠᠵᠢᠯᠴᠢᠨ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ᠃      ᠲᠡᠷᠭᠡᠯ ᠰᠠᠷᠠᠨ ᠤ ᠪᠠᠶᠠᠷ ᠪᠣᠯᠬᠤ ᠠᠴᠠ ᠡᠮᠦᠨ᠎ᠡ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠺᠠᠳ᠋ᠷ ᠠᠵᠢᠯᠲᠠᠳ ᠮᠠᠨ ᠤ ᠰᠢᠶᠠᠨ ᠤ G59G ᠶᠢᠨ ᠬᠥᠬᠡᠬᠤᠲᠠ ᠶᠢᠨ ᠬᠤᠶᠢᠲᠤ ᠬᠡᠰᠡᠭ ᠤᠨ ᠲᠦᠷᠭᠡᠨ ᠤ ᠵᠠᠮ ᠤᠨ ᠰᠦᠢᠳᠬᠡᠯ ᠬᠤᠷᠢᠶᠠᠬᠤ ᠥᠷᠲᠡᠭᠡᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠵᠢᠵᠢᠭᠦᠷᠯᠡᠵᠦ ᠪᠠᠶᠢᠭ᠎ᠠ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠠ ᠲᠣᠬᠤᠨᠢᠭᠤᠯᠬᠤ ᠪᠣᠳᠠᠰ ᠬᠦᠷᠭᠡᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠦᠨᠡᠨ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠤᠨ ᠰᠡᠳᠬᠢᠯ ᠳᠤ ᠬᠦᠷᠭᠡᠵᠦ᠂ ᠲᠡᠳᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ ᠭᠡᠪᠡ᠃ ᠡᠭᠦᠨ ᠤ ᠬᠠᠮᠲᠤ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠺᠠᠳ᠋ᠷ ᠠᠵᠢᠯᠲᠠᠨ ᠠᠵᠢᠯᠴᠢᠳ ᠵᠢᠵᠢᠭᠦᠷᠯᠡᠨ ᠰᠠᠬᠢᠵᠤ ᠪᠠᠶᠢᠭ᠎ᠠ ᠬᠥᠮᠦᠰ ᠤᠨ ᠠᠵᠢᠯ ᠪᠠ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠪᠠ ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠤᠨ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠬᠦ ᠶᠢᠨ ᠬᠠᠮᠲᠤ᠂ ᠨᠢᠭᠡᠳᠦᠭᠡᠷ ᠹᠷᠣᠨᠲ ᠤᠨ ᠠᠵᠢᠯᠲᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠲᠣᠰ ᠪᠡᠶ᠎ᠡ ᠶᠢᠨ ᠬᠠᠮᠠᠭᠠᠯᠠᠯᠲᠠ ᠪᠠᠨ ᠴᠢᠩᠭᠠᠳᠬᠠᠬᠤ ᠶᠢ ᠠᠩᠬᠠᠷᠴᠤ᠂ ᠲᠣᠰ ᠪᠡᠶ᠎ᠡ ᠶᠢᠨ ᠠᠮᠤᠷ ᠲᠦᠪᠰᠢᠨ ᠢᠶᠠᠨ ᠰᠠᠶᠢᠲᠤᠷ ᠬᠠᠮᠠᠭᠠᠯᠠᠵᠤ᠂ ᠨᠠᠩ ᠲᠡᠭᠦᠰ ᠲᠡᠭᠦᠯᠳᠡᠷ ᠣᠶᠤᠨ ᠰᠠᠨᠠᠭᠠᠨ ᠤ ᠪᠠᠶᠢᠳᠠᠯ᠂ ᠡᠷᠡᠭᠦᠯ ᠴᠢᠭᠢᠷᠠᠭ ᠪᠡᠶ᠎ᠡ ᠮᠠᠬᠠᠪᠣᠳ ᠤᠨ ᠬᠡᠪ ᠴᠢᠨᠠᠷ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠬᠤ ᠶᠢ ᠪᠠᠲᠤᠯᠠᠬᠤ ᠬᠡᠷᠡᠭᠲᠡᠶ ᠭᠡᠵᠦ ᠵᠠᠬᠢᠭᠰᠠᠨ ᠪᠠᠶᠢᠨ᠎ᠠ᠃      ᠲᠦᠷᠭᠡᠨ ᠤ ᠵᠠᠮ ᠤᠨ ᠣᠷᠣᠵᠤ ᠭᠠᠷᠬᠤ ᠭᠠᠵᠠᠷ ᠤᠨ ᠠᠵᠢᠯᠲᠠᠳ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠬᠦ ᠳᠡᠭᠡᠨ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠪᠦᠬᠦ ᠠᠵᠢᠯᠲᠠᠨ ᠠᠵᠢᠯᠴᠢᠨ ᠤ ᠣᠯᠠᠨ ᠢ ᠬᠠᠯᠠᠮᠵᠢᠯᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ︽ᠠᠷᠠᠳ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ︾ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠢᠵᠢᠭ ᠤᠨ ᠪᠠᠶᠢᠳᠠᠯ ᠢ ᠣᠷᠣᠭᠤᠯᠬᠤ ᠠᠴᠠ ᠰᠡᠷᠭᠡᠶᠢᠯᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠤᠨ ᠬᠢᠵᠢᠭ ᠤᠨ ᠪᠠᠶᠢᠳᠠᠯ ᠳᠣᠲᠣᠷ᠎ᠠ ᠭᠠᠵᠠᠷ ᠳᠡᠯᠭᠡᠷᠡᠬᠦ ᠶᠢ ᠰᠡᠷᠭᠡᠶᠢᠯᠡᠬᠦ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠤᠯᠠᠨ ᠢᠶᠠᠷ ᠢᠶᠠᠨ ᠦᠷᠭᠦᠯᠵᠢᠯᠡᠨ ᠴᠢᠷᠮᠠᠶᠢᠬᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠬᠤᠯᠪᠣᠭᠠᠯᠠᠨ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠲᠤ ᠪᠠᠬᠢ ᠪᠠᠬᠢᠵᠢᠭᠦᠯᠵᠦ᠂ ᠪᠦᠬᠦ ᠰᠢᠶᠠᠨ ᠤ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠦᠨᠡᠨᠬᠦ ᠪᠠᠲᠤᠯᠠᠬᠤ ᠬᠡᠷᠡᠭᠲᠡᠢ ᠭᠡᠰᠡᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ