ᠬᠤᠷᠢᠨᠭᠡᠷ ᠰᠢᠶᠠᠨ ᠲᠠᠷᠢᠶᠠᠯᠠᠩ ᠳᠤ ᠬᠤᠯᠪᠤᠭᠳᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/30
8.30和林格尔县召开农口工作调度会议.jpg
      8 ᠰᠠᠷ᠎ᠠ ᠶᠢᠨ 29 ᠤ ᠡᠳᠦᠷ᠂ ᠰᠢᠶᠠᠨ ᠤ ᠳᠡᠳ᠋ ᠳᠠᠷᠤᠭ᠎ᠠ ᠳ᠋ᠦ᠋ ᠰᠢᠶᠤᠤ ᠭᠤᠸᠠᠩ ᠪᠥᠬᠦ ᠰᠢᠶᠠᠨ ᠤ ᠲᠠᠷᠢᠶᠠᠯᠠᠩ ᠳᠤ ᠬᠤᠯᠪᠤᠭᠳᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠪᠦᠬᠦ ᠬᠤᠳᠠ ᠶᠢᠨ ᠬᠥᠳᠡᠭᠡ ᠲᠣᠰᠬᠤᠨ ᠤ ᠠᠵᠢᠯ ᠢ ᠲᠤᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠬᠢᠨᠠᠨ ᠵᠥᠪᠯᠡᠭᠰᠡᠨ ᠪᠥᠭᠡᠳ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠳᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ ᠤᠨ ᠪᠡᠯᠡᠳᠬᠡᠯ ᠳᠤᠭᠤᠶᠢᠯᠠᠩ︶᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠠᠯᠲᠠ ᠡᠭᠦᠷᠭᠡ ᠪᠠᠨ ᠴᠢᠨᠠᠭᠰᠢᠳᠠ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠨᠡᠯᠢᠶᠡᠳ ᠰᠠᠶᠢᠨ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠯᠠᠪᠳᠠᠭᠤᠨ ᠪᠠᠲᠤᠲᠠᠢ ᠦᠢᠯᠡᠳᠦᠯᠭᠡᠵᠢᠭᠦᠯᠵᠦ᠂ ︽ᠬᠥᠬᠡᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠰᠡᠷᠭᠦᠭᠡᠬᠦ ᠲᠦᠷᠢᠮ︾ ᠢ ᠬᠡᠷᠡᠭᠵᠢᠭᠦᠯᠬᠦ ᠲᠥᠰᠦᠯ ᠢ ᠱᠠᠯᠠᠪᠳᠠᠨ ᠲᠣᠭᠲᠠᠭᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠢ ᠰᠢᠭᠤᠢ ᠶᠢ ᠰᠢᠮᠳᠠᠭᠤᠯᠣᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠮᠠᠨ ᠤ ᠰᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠪᠠᠶᠢᠴᠠᠭᠠᠨ ᠰᠢᠢᠳᠪᠦᠷᠢᠯᠡᠵᠦ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠳᠠᠩᠰᠠ ᠡᠪᠬᠡᠮᠡᠯ ᠢ ᠪᠦᠷᠢᠨᠰᠢᠭᠦᠯᠵᠦ᠂ ᠵᠣᠷᠯᠣᠩ ᠤᠨ ᠥᠭᠡᠷᠡᠴᠢᠯᠡᠯᠲᠡ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠳᠡᠭᠡᠳᠦ ᠱᠠᠲᠤᠨ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠰᠢᠨ᠎ᠡ ᠪᠠᠷ ᠪᠠᠶᠢᠭᠤᠯᠤᠭᠰᠠᠨ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠪᠠ ᠪᠡᠯᠡ ᠮᠥᠩᠭᠦ ᠶᠢ ᠵᠣᠯᠭᠠᠭᠤᠯᠬᠤ ᠲᠦᠷᠦᠯ ᠵᠦᠢᠯ ᠤᠨ ᠠᠬᠢᠴᠠ ᠶᠢ ᠲᠦᠷᠭᠡᠨ ᠠᠬᠢᠭᠤᠯᠬᠤ ᠶᠢᠨ ᠬᠠᠮᠲᠤ ᠵᠢᠱᠢᠶ᠎ᠡ ᠦᠵᠡᠭᠦᠯᠬᠦ ᠲᠣᠰᠬᠤᠨ ᠢᠶᠠᠷ ᠭᠤᠣᠯᠳᠠᠯᠭ᠎ᠠ  ᠪᠣᠯᠭᠠᠵᠤ᠂ 2023 ᠣᠨ ᠤ ᠲᠦᠷᠦᠯ ᠵᠦᠢᠯ ᠢ ᠨᠠᠷᠢᠨ ᠨᠢᠮᠪᠠᠢ ᠲᠥᠯᠥᠪᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ ᠤᠨ ᠪᠡᠯᠡᠳᠬᠡᠯ ᠳᠤᠭᠤᠶᠢᠯᠠᠩ︶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ