ᠮᠠᠨ ᠤ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ︽ᠵᠠᠭᠤᠨ ᠡᠳᠦᠷ ᠤᠨ ᠴᠡᠭᠴᠡᠯᠡᠨ ᠵᠠᠰᠠᠬᠤ ᠠᠵᠢᠯᠯᠠᠭ᠎ᠠ︾ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2022/8/30
      ︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠬᠤᠲᠠ ᠶᠢᠨ ᠵᠠᠮ  ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠨᠢᠭᠡᠳᠦᠯᠲᠡᠢ ᠤᠳᠤᠷᠢᠳᠬᠤ᠂ ᠬᠠᠤᠯᠢ ᠶᠣᠰᠣᠭᠠᠷ ᠬᠢᠨᠠᠨ ᠬᠠᠮᠢᠶᠠᠷᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ᠂ ᠶᠡᠷᠦᠩᠬᠡᠶᠢᠯᠡᠨ ᠵᠠᠰᠠᠬᠤ︾ ᠵᠠᠷᠴᠢᠮ ᠶᠣᠰᠣᠭᠠᠷ᠂ ᠪᠥᠬᠦ ᠬᠤᠲᠠ ᠶᠢᠨ ᠬᠡᠪᠴᠢᠶᠡᠨ ᠳᠤ 100 ᠡᠳᠦᠷ ᠤᠨ ᠬᠤᠭᠤᠴᠠᠭ᠎ᠠ ᠲᠠᠢ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ︽ᠵᠠᠭᠤᠨ ᠡᠳᠦᠷ ᠤᠨ ᠴᠡᠭᠴᠡᠯᠡᠨ ᠵᠠᠰᠠᠬᠤ ᠠᠵᠢᠯᠯᠠᠭ᠎ᠠ︾ ᠶᠢ ᠥᠷᠨᠢᠭᠦᠯᠵᠦ᠂ ᠪᠥᠬᠦ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠠᠵᠢᠯ ᠲᠥᠷᠥᠯ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠪᠠ᠃      ︽ᠵᠠᠭᠤᠨ ᠡᠳᠦᠷ ᠤᠨ ᠴᠡᠭᠴᠡᠯᠡᠨ ᠵᠠᠰᠠᠬᠤ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠰᠢ᠂ ᠨᠡᠶᠢᠲᠡ ︽ᠬᠠᠷ᠎ᠠ ᠲᠦᠷᠢᠶᠡᠰᠦᠨ ᠮᠠᠰᠢᠨ ᠲᠡᠷᠭᠡ︾ 150᠂ ᠬᠠᠭᠤᠷᠮᠠᠭ ᠲᠦᠷᠢᠶᠡᠰᠦᠨ ᠮᠠᠰᠢᠨ ᠲᠡᠷᠭᠡ 4᠂ ᠲᠡᠷᠭᠡᠨ ᠫᠠᠶᠢᠰᠠ ᠶᠢ ᠬᠠᠭᠤᠷᠮᠠᠭᠯᠠᠨ ᠬᠡᠷᠡᠭᠯᠡᠭᠰᠡᠨ ᠮᠠᠰᠢᠨ ᠲᠡᠷᠭᠡ 6᠂ ᠦᠨᠡᠮᠯᠡᠯ ᠦᠭᠡᠢ ᠰᠦᠯᠵᠢᠶ᠎ᠡ ᠪᠠᠷ ᠪᠣᠯᠵᠤᠬᠤ ᠮᠠᠰᠢᠨ ᠲᠡᠷᠭᠡ 183᠂ ᠣᠨᠳᠣᠣ ᠭᠠᠵᠠᠷ ᠲᠤ ᠡᠵᠡᠩᠨᠡᠭᠰᠡᠨ ᠮᠠᠰᠢᠨ ᠲᠡᠷᠭᠡ 37᠂ ᠦᠩᠭᠡ ᠲᠦᠷᠬᠦ ᠨᠢ ᠮᠠᠭᠤᠬᠠᠢ᠂  ᠠᠷᠢᠭᠤᠨ ᠴᠡᠪᠡᠷ ᠤᠨ ᠲᠠᠯ᠎ᠠ ᠪᠠᠷ ᠬᠦᠷᠦᠯᠴᠡᠬᠦ ᠦᠭᠡᠢ ᠮᠠᠰᠢᠨ ᠲᠡᠷᠭᠡ 379᠂  ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠦᠭᠡᠢ  ᠮᠠᠰᠢᠨ ᠲᠡᠷᠭᠡ 62᠂  ᠲᠦᠷᠢᠶᠡᠰᠦᠨ ᠮᠠᠰᠢᠨ ᠲᠡᠷᠭᠡ ᠬᠦᠯᠢᠶᠡᠬᠦ ᠥᠷᠲᠡᠭᠡ ᠳᠤ ᠥᠷᠲᠡᠭᠡ ᠳᠤ ᠰᠠᠭᠤᠭ᠎ᠠ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠲᠠᠨ ᠤ ᠬᠠᠮᠢᠶᠠᠷᠤᠯᠲᠠ ᠶᠢ ᠬᠦᠯᠢᠶᠡᠬᠦ ᠦᠭᠡᠢ ᠳᠤᠷ᠎ᠠ ᠪᠠᠷ ᠢᠶᠠᠨ ᠠᠶᠠᠨᠴᠢᠨ ᠲᠠᠲᠠᠭᠰᠠᠨ ᠲᠦᠷᠢᠶᠡᠰᠦᠨ ᠮᠠᠰᠢᠨ ᠲᠡᠷᠭᠡ 4᠂ ᠳᠤᠷ᠎ᠠ ᠪᠠᠷ ᠢᠶᠠᠨ ᠥᠨ᠎ᠡ ᠦᠰᠭᠡᠭᠰᠡᠨ ᠲᠦᠷᠢᠶᠡᠰᠦᠨ ᠮᠠᠰᠢᠨ ᠲᠡᠷᠭᠡ 8 ᠶᠢ ᠪᠠᠶᠢᠴᠠᠭᠠᠨ ᠰᠢᠢᠳᠪᠦᠷᠢᠯᠡᠪᠡ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ