ᠰᠢᠶᠠᠨ ᠤ ᠤᠳᠤᠷᠢᠳᠤᠯᠭ᠎ᠠ ᠪᠣᠯᠪᠠᠰᠤᠨ ᠬᠤᠳᠠ ᠴᠣᠭᠴᠠᠯᠠᠨ ᠪᠠᠶᠢᠭᠤᠯᠬᠤ ᠳᠠᠭᠠᠭᠠᠴᠢᠯᠠᠨ ᠬᠤᠯᠪᠤᠭᠠᠯᠠᠭᠰᠠᠨ ᠨᠡᠶᠢᠭᠡᠮ ᠲᠣᠭᠤᠷᠢᠭ ᠤᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/31
8.31县领导组织召开创城包联社区推进会.png     
      ᠪᠣᠯᠪᠠᠰᠤᠨ ᠬᠤᠲᠠ ᠴᠣᠭᠴᠠᠯᠠᠨ ᠳᠠᠭᠠᠭᠠᠴᠢᠯᠠᠨ ᠬᠤᠯᠪᠤᠭᠠᠯᠠᠭᠰᠠᠨ ᠨᠡᠶᠢᠭᠡᠮ ᠲᠣᠭᠤᠷᠢᠭ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢᠨ ᠲᠤᠰᠠᠳᠠ᠂ 8 ᠰᠠᠷ᠎ᠠ ᠶᠢᠨ 29 ᠤ ᠡᠳᠦᠷ᠂ ᠪᠣᠯᠪᠠᠰᠤᠨ ᠬᠤᠲᠠ ᠴᠣᠭᠴᠠᠯᠠᠨ ᠪᠠᠶᠢᠭᠤᠯᠬᠤ ᠳᠠᠭᠠᠭᠠᠴᠢᠯᠠᠨ ᠬᠤᠯᠪᠤᠭᠠᠯᠠᠭᠰᠠᠨ ᠨᠡᠶᠢᠭᠡᠮ ᠲᠣᠭᠤᠷᠢᠭ ᠤᠨ ᠠᠬᠢᠭᠤᠯᠬᠤ ᠬᠤᠷᠠᠯ ᠨᠠᠮ ᠵᠠᠰᠠᠭ ᠤᠨ ᠠᠯᠪᠠᠨ ᠠᠰᠠᠷ ᠲᠤ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠪᠦᠦ ᠫᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠨᠠᠷᠠᠰᠤ᠂ ᠰᠢᠶᠠᠨ ᠤ ᠳᠠᠭᠠᠭᠠᠴᠢᠯᠠᠨ ᠬᠤᠯᠪᠤᠭᠠᠯᠠᠭᠰᠠᠨ ᠨᠢᠭᠡᠴᠡ᠂ ᠯᠢ ᠮᠢᠨ ᠨᠡᠶᠢᠭᠡᠮ ᠲᠣᠭᠤᠷᠢᠭ᠂ ᠠᠳᠠᠯ ᠠᠬᠤᠶ ᠶᠢᠨ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ       ᠬᠤᠷᠠᠯ ᠳᠡᠭᠡᠷ᠎ᠡ᠂ ᠯᠢ ᠮᠢᠨ ᠨᠡᠶᠢᠭᠡᠮ ᠲᠣᠭᠤᠷᠢᠭ ᠤᠨ ᠬᠢᠨ ᠪᠣᠯᠪᠠᠰᠤᠨ ᠬᠤᠳᠠ ᠪᠠᠶᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠬᠠᠷᠢᠭᠤ ᠮᠡᠳᠡᠭᠦᠯᠵᠡᠢ︔ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠨᠦᠭᠦᠳ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠪᠣᠯᠪᠠᠰᠤᠨ ᠬᠤᠲᠠ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ︔ ᠪᠣᠯᠪᠠᠰᠤᠨ ᠬᠤᠳᠠ ᠪᠠᠶᠢᠭᠤᠯᠬᠤ ᠠᠯᠪᠠᠨ ᠭᠡᠷ ᠠᠴᠠ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠭᠤᠣᠯᠳᠠᠯᠭ᠎ᠠ ᠪᠣᠯᠤᠨ ᠠᠩᠬᠠᠷᠬᠤ ᠵᠦᠢᠯᠡᠰ ᠤᠨ ᠲᠠᠯ᠎ᠠ ᠪᠠᠷ ᠠᠵᠢᠯ ᠤᠨ ᠵᠢᠯᠤᠭᠤᠳᠤᠯᠭ᠎ᠠ ᠬᠢᠵᠡᠢ︔ ᠯᠠᠨᠱᠠᠨ ᠣᠯᠠᠨ ᠤᠯᠤᠰ ᠤᠨ ᠬᠤᠷᠢᠶᠠᠯᠠᠯ ᠤᠨ ᠠᠳᠠᠯ ᠠᠬᠤᠶ ᠶᠢᠨ ᠺᠣᠮᠫᠠᠨᠢ ᠣᠪᠣᠷ ᠢᠶᠠᠨ ᠢᠯᠡᠳᠬᠡᠵᠦ ᠦᠭᠡ ᠬᠡᠯᠡᠪᠡ︔ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠠᠭ ᠪᠢᠳᠡᠨ ᠢ ᠬᠦᠯᠢᠶᠡᠬᠦ ᠦᠭᠡᠶ ᠪᠠᠴᠢᠮ ᠲᠤᠯᠭᠠᠮ᠎ᠠ ᠰᠡᠳᠬᠢᠯᠭᠡ ᠪᠠᠷ ᠪᠣᠯᠪᠠᠰᠤᠨ ᠬᠤᠲᠠ ᠪᠠᠶᠢᠭᠤᠯᠬᠤ ᠠᠵᠢᠯ ᠳᠤ ᠣᠷᠣᠯᠴᠠᠵᠤ᠂ ᠨᠡᠶᠢᠭᠡᠮ ᠲᠣᠭᠤᠷᠢᠭ ᠤᠨ ᠣᠷᠣᠰᠢᠵᠤ ᠪᠠᠶᠢᠭ᠎ᠠ ᠬᠦᠴᠢᠷᠳᠡᠯ ᠢ ᠰᠢᠢᠳᠪᠦᠷᠢᠯᠡᠬᠦ ᠳᠤ ᠪᠦᠬᠦ ᠬᠦᠴᠦᠨ ᠢᠶᠠᠷ ᠢᠶᠠᠨ ᠬᠠᠮᠵᠢᠨ ᠬᠠᠮᠵᠢᠯᠴᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠰᠠᠶᠢᠨ ᠰᠠᠶᠢᠬᠠᠨ ᠪᠣᠯᠪᠠᠰᠤᠨ ᠤᠬᠠᠮᠰᠠᠷ ᠲᠠᠢ ᠪᠣᠯᠭᠠᠬᠤ ᠶᠢ ᠤᠬᠠᠭᠤᠯᠤᠨ ᠵᠢᠯᠣᠭᠤᠳᠬᠤ ᠬᠡᠷᠡᠭᠲᠡᠶ᠃ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠠᠳᠬᠤᠵᠤ᠂ ᠴᠡᠭᠴᠡᠯᠡᠨ ᠵᠠᠰᠠᠬᠤ ᠶᠢ ᠭᠦᠨᠵᠡᠭᠡᠢ ᠨᠢᠮᠪᠠᠶ᠂ ᠲᠡᠷᠡ ᠶᠣᠰᠣᠭᠠᠷ ᠨᠢ ᠠᠬᠢᠭᠤᠯᠵᠤ᠂ ᠪᠣᠯᠪᠠᠰᠤᠨ ᠬᠤᠳᠠ ᠪᠠᠶᠢᠭᠤᠯᠵᠤ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠯᠠᠪᠳᠠᠭᠤᠨ ᠪᠠᠲᠤᠲᠠᠢ᠂ ᠨᠠᠷᠢᠨ ᠨᠢᠮᠪᠠᠢ ᠠᠵᠢᠯ ᠤᠨ ᠠᠷᠭ᠎ᠠ ᠬᠡᠮᠵᠢᠶ᠎ᠡ ᠪᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠪᠡ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ