8 ᠳ᠋ᠤᠭᠠᠷ ᠰᠠᠷ᠎ᠠ ᠶᠢᠨ 30 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/31
      8 ᠳ᠋ᠤᠭᠠᠷ ᠰᠠᠷ᠎ᠠ ᠶᠢᠨ 30 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ‌ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 7  ᠨᠡᠮᠡᠭᠳᠡᠪᠡ᠂ ᠡᠭᠦᠨ ᠳᠤ ᠬᠥᠯᠥᠨ ᠪᠤᠶᠢᠷ ᠬᠤᠲᠠ ᠳᠤ 2 ︵ᠴᠥᠮ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ᠂ ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 5 ︵ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ ᠡᠷᠢᠶᠡᠨ ᠬᠤᠲᠠ ᠳᠤ ᠪᠣᠢ︶ ᠪᠣᠢ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ︵ᠴᠥᠮ  ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠣᠢ︶᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 4 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠪᠤᠭᠤᠲᠤ ᠬᠤᠲᠠ ᠳᠤ 1 ︵ᠴᠢᠩ ᠱᠠᠨ ᠲᠣᠭᠤᠷᠢᠭ ᠲᠤ ᠪᠣᠢ︶᠂ ᠤᠯᠠᠭᠠᠨᠴᠠᠪ ᠬᠤᠲᠠ ᠳᠤ 2 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠶ︶᠂ ᠣᠷᠳᠣᠰ ᠬᠤᠲᠠ ᠳᠤ 1 ︵ᠣᠲᠤᠭ ᠬᠤᠰᠢᠭᠤᠨ ᠳᠤ ᠪᠣᠶ︶ ᠪᠣᠶ᠃  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 2 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠤᠯᠠᠭᠠᠨᠴᠠᠪ ᠬᠤᠲᠠ ᠳᠤ ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 1︶  ᠪᠣᠢ᠃      8  ᠳ᠋ᠤᠭᠠᠷ ᠰᠠᠷ᠎ᠠ ᠶᠢᠨ 30 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 38 ᠪᠣᠢ᠂ ᠡᠭᠦᠨ ᠳᠤ ᠪᠤᠭᠤᠲᠤ ᠬᠤᠲᠠ ᠳᠤ 1 ︵ᠴᠢᠩ ᠱᠠᠨ ᠲᠣᠭᠤᠷᠢᠭ ᠲᠤ ᠪᠣᠢ︶᠂ ᠬᠥᠯᠥᠨ ᠪᠤᠶᠢᠷ ᠬᠤᠲᠠ ᠳᠤ 7 ︵  ᠴᠦᠮ ᠮᠠᠨᠵᠤᠤᠷ ᠬᠤᠲᠠ ᠳᠤ ᠪᠣᠶ︶᠂ ᠰᠢᠯᠢ ᠶᠢᠨ ᠭᠤᠣᠯ ᠠᠶᠢᠮᠠᠭ ᠲᠤ 20 ︵ᠴᠦᠮ ᠡᠷᠢᠶᠡᠨ ᠬᠤᠲᠠ ᠳᠤ ᠪᠣᠶ︶᠂ ᠤᠯᠠᠭᠠᠨᠴᠠᠪ ᠬᠤᠲᠠ ᠳᠤ 4 ︵ᠴᠦᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠶ︶᠂ ᠣᠷᠳᠣᠰ ᠬᠤᠲᠠ ᠳᠤ 6 ︵ᠵᠡᠭᠦᠨᠭᠠᠷ ᠬᠤᠰᠢᠭᠤᠨ ᠳᠤ 5᠂ ᠣᠲᠤᠭ ᠬᠤᠰᠢᠭᠤᠨ ᠳᠤ 1 ᠪᠣᠶ︶ ᠪᠣᠢ᠂  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 37 ᠪᠣᠶ᠂ ᠡᠭᠦᠨ ᠳᠤ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 32 ︵ᠴᠥᠮ ᠡᠷᠢᠶᠡᠨ ᠬᠤᠲᠠ ᠳᠤ ᠪᠣᠶ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠶ︶᠂ ᠠᠯᠠᠱᠠ ᠠᠶᠢᠮᠠᠭ ᠲᠤ 3 ︵ᠴᠥᠮ ᠠᠯᠠᠱᠠ ᠵᠡᠭᠦᠨ ᠬᠤᠰᠢᠭᠤᠨ ᠳᠤ ᠪᠣᠶ︶ ᠪᠣᠶ᠃ ᠬᠢᠯᠢ ᠶᠢᠨ ᠭᠠᠳᠠᠨ᠎ᠠ ᠠᠴᠠ  ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 12᠂ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ 12 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨ᠋ᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ