ᠴᠢᠩ ᠱᠦᠢ ᠡᡁᠧ ᠰᠢᠶᠠᠨ᠄ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ ᠬᠠᠲᠤᠨ ᠭᠤᠣᠯ ᠳᠠᠭᠠᠤ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/8/4
      ᠲᠡᠦᠬᠡ ᠶᠢᠨ ᠳᠤᠷᠠᠰᠬᠠᠯᠲᠤ ᠵᠦᠢᠯ ᠨᠢ ᠭᠡᠷᠡᠯ ᠰᠠᠴᠤᠷᠠᠩᠭᠤᠢ ᠪᠣᠯᠪᠠᠰᠤᠨ ᠢ ᠠᠴᠢᠶᠠᠯᠠᠵᠤ᠂ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠠᠭᠠᠯᠠᠵᠤ ᠪᠠᠶᠢᠳᠠᠭ᠂ ᠡᠨᠡ ᠪᠣᠯ ᠰᠣᠶᠣᠯ ᠤᠨ ᠢᠲᠡᠭᠡᠯ ᠢ ᠨᠡᠮᠡᠭᠳᠡᠭᠦᠯᠬᠦ ᠴᠢᠬᠤᠯᠠ ᠡᠬᠢ ᠪᠠᠶᠠᠯᠢᠭ ᠮᠥᠨ᠃ 8 ᠳ᠋ᠤᠭᠠᠷ ᠰᠠᠷ᠎ᠠ ᠶᠢᠨ 2 ᠤᠨ ᠡᠳᠦᠷ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠭᠤᠴᠠᠯᠭᠠᠲᠠᠨ ᠸᠠᠩ ᠬᠤᠢ ᠮᠢᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠺᠧ ᠯᠢᠩ ᠨᠡᠷ ᠾᠧᠦ ᠴᠧᠩ ᠽᠦᠢ ᠶᠢᠨ ᠴᠢᠯᠠᠭᠤᠨ ᠬᠤᠲᠠ ᠶᠢᠨ ᠪᠠᠭᠤᠷᠢ᠂ ᠴᠠ ᠾᠧ ᠺᠧᠦ ᠶᠢᠨ ᠬᠤᠸᠠᠨ ᠭᠤᠤ ᠶᠢᠨ ᠰᠠᠭᠤᠷᠢᠰᠢᠯ ᠤᠨ ᠪᠠᠭᠤᠷᠢ᠂ ᠴᠠ ᠾᠧ ᠺᠧ ᠶᠢᠨ ᠳᠦᠷᠪᠡᠨ ᠭᠦᠩᠵᠦ ᠶᠢᠨ ᠳ᠋ᠧ ᠵᠧᠩ ᠬᠥᠰᠢ᠊ ᠡᠶ᠎ᠡ᠂ ᠯᠢᠦ ᠴᠢᠩ ᠾᠧ ᠭᠦ᠋ ᠮᠢᠶᠣᠣ ᠪᠣᠯᠤᠨ ᠰᠢ ᠵᠦᠴᠦᠭᠡ ᠶᠢᠨ ᠲᠠᠶᠢᠰᠠ᠂ ᠡᡁᠧ ᠹᠠᠨ ᠭᠸᠤ ᠶᠢᠨ ᠮᠢᠩ ᠴᠢᠩ ᠤᠨ ᠡᠷᠲᠡᠨ ᠤ ᠤᠭᠤᠷᠬᠠᠢ ᠶᠢᠨ ᠪᠠᠭᠤᠷᠢ ᠵᠡᠷᠭᠡ ᠬᠠᠳᠤᠨ ᠭᠤᠣᠯ ᠳᠠᠭᠠᠤ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠳᠤ ᠭᠦᠨᠵᠡᠭᠡᠶᠢᠷᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠠᠵᠢᠯ ᠢ ᠪᠠᠶᠢᠴᠠᠭᠠᠨ ᠰᠤᠳᠤᠯᠵᠠᠢ᠃
清水河县:加强文物遗址保护利用 推动沿黄文旅产业融合发展1.jpg
      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠠᠪᠤᠬᠤ ᠶᠢᠨ ᠳᠠᠭᠠᠤ ᠦᠵᠡᠵᠦ᠂ ᠡᠯ᠎ᠡ ᠪᠠᠭᠤᠷᠢ ᠶᠢᠨ ᠣᠳᠣᠬᠠᠨ ᠤ ᠨᠡᠭᠡᠭᠡᠨ ᠬᠥᠭᠵᠢᠭᠦᠯᠦᠯᠲᠡ ᠶᠢᠨ ᠦᠨᠳᠦᠰᠦᠨ ᠪᠠᠶᠢᠳᠠᠯ᠂ ᠲᠡᠦᠬᠡᠲᠦ ᠠᠴᠢ ᠬᠤᠯᠪᠣᠭᠳᠠᠯ᠂ ᠬᠠᠮᠠᠭᠠᠯᠠᠯᠲᠠ ᠶᠢᠨ ᠣᠳᠣᠬᠢ ᠪᠠᠶᠢᠳᠠᠯ ᠵᠡᠷᠭᠡ ᠬᠠᠮᠢᠶ᠎ᠠ ᠪᠦᠬᠦᠢ ᠪᠠᠶᠢᠳᠠᠯ ᠢ ᠲᠤᠬᠠᠢ ᠶᠢᠨ ᠭᠠᠵᠠᠷ ᠲᠤᠨᠢ ᠤᠢᠢᠯᠠᠭᠠᠭᠰᠠᠨ ᠪᠥᠭᠡᠳ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠨᠡᠭᠡᠭᠡᠨ ᠬᠥᠭᠵᠢᠭᠦᠯᠬᠦ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃
清水河县:加强文物遗址保护利用 推动沿黄文旅产业融合发展2.jpg
清水河县:加强文物遗址保护利用 推动沿黄文旅产业融合发展3.jpg
清水河县:加强文物遗址保护利用 推动沿黄文旅产业融合发展4.jpg
      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ᠬᠠᠲᠤᠨ ᠭᠤᠤᠯ ᠤᠨ ᠰᠠᠪᠠ ᠭᠠᠵᠠᠷ ᠤᠨ ᠴᠢᠩ ᠱᠦᠶ ᠾᠧ ᠭᠤᠤᠯ ᠤᠨ ᠬᠡᠰᠡᠭ ᠤᠨ ᠡᠷᠭᠢ ᠳᠠᠭᠠᠤ ᠨᠢ ᠢᠯᠡ ᠲᠣᠳᠣ ᠰᠣᠶᠣᠯ ᠤᠨ ᠣᠨᠴᠠᠯᠢᠭ ᠪᠠ ᠥᠪᠡᠷᠮᠢᠴᠡ ᠣᠨᠴᠠᠯᠢᠭ ᠲᠠᠢ ᠭᠠᠵᠠᠷ ᠣᠷᠣᠨ ᠤ ᠣᠷᠴᠢᠨ ᠲᠣᠭᠤᠷᠢᠨ ᠲᠠᠢ ᠪᠠᠶᠢᠳᠠᠭ ᠃ ᠬᠠᠲᠤᠨ ᠭᠤᠣᠯ ᠳᠠᠭᠠᠤ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠭᠦᠢᠴᠡᠳ ᠲᠦᠰᠢᠭᠯᠡᠨ᠂ ᠥᠨᠳᠥᠷ ᠵᠣᠭᠰᠣᠴᠠ ᠠᠴᠠ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ︽ᠬᠠᠮᠠᠭᠠᠯᠠᠬᠤ ᠪᠠᠷ ᠭᠤᠣᠯ ᠪᠣᠯᠭᠠᠬᠤ᠂ ᠠᠪᠤᠷᠠᠬᠤ ᠶᠢ ᠲᠡᠷᠢᠭᠦᠨ ᠳᠤ ᠲᠠᠯᠪᠢᠬᠤ᠂ ᠵᠣᠬᠢᠰᠲᠠᠢ ᠠᠰᠢᠭᠯᠠᠬᠤ᠂ ᠬᠠᠮᠢᠶᠠᠷᠤᠯᠲᠠ ᠶᠢ ᠴᠢᠩᠭᠠᠳᠬᠠᠬᠤ︾ ᠠᠵᠢᠯ ᠤᠨ ᠴᠢᠭᠯᠡᠯᠲᠡ ᠶᠣᠰᠣᠭᠠᠷ᠂ ᠬᠠᠲᠤᠨ ᠭᠤᠣᠯ ᠳᠠᠭᠠᠤ ᠶᠢᠨ ᠰᠣᠶᠣᠯ ᠤᠨ ᠪᠠᠭᠤᠷᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠦᠨᠡᠨᠬᠦ ᠴᠢᠩᠭᠠᠳᠬᠠᠵᠤ᠂ ᠪᠦᠬᠦ ᠠᠷᠠᠳ ᠢᠶᠠᠷ ᠢᠶᠠᠨ ᠰᠣᠶᠣᠯ ᠤᠨ ᠥᠪ ᠢ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠮᠠᠨ ᠤ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠴᠢᠨᠠᠭᠰᠢᠳᠠ ᠠᠬᠢᠭᠤᠯᠵᠤ᠂ ᠰᠢᠶᠠᠨ ᠤ ᠬᠡᠪᠴᠢᠶᠡᠨ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠨᠠᠷᠢᠨ ᠬᠢᠨᠠᠮᠠᠭᠠᠢ ᠡᠮᠬᠢᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠳᠠᠯ ᠢ ᠲᠣᠳᠣᠷᠬᠠᠢ ᠣᠶᠢᠯᠠᠭᠠᠵᠤ᠂ ᠴᠢᠩ ᠱᠦᠢ ᠾᠧ ᠰᠢᠶᠠᠨ ᠤ ᠮᠦᠽᠧᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠴᠤᠭᠯᠠᠭᠤᠯᠵᠤ ᠳᠡᠯᠭᠡᠨ ᠦᠵᠡᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠨ᠎ᠡ ᠦᠷᠳᠡᠭ ᠢ ᠠᠭᠤᠳᠠᠯᠤᠨ ᠲᠠᠶᠢᠯᠪᠤᠷᠢᠯᠠᠬᠤ ᠪᠠ ᠤᠯᠠᠮᠵᠢᠯᠠᠨ ᠠᠰᠢᠭᠯᠠᠬᠤ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ︽ᠠᠮᠢᠳᠤᠯᠢᠭ ᠪᠣᠯᠭᠠᠵᠤ︾᠂ ᠲᠡᠦᠬᠡ ᠰᠣᠶᠣᠯ ᠤᠨ ᠡᠬᠢ ᠪᠠᠶᠠᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠲᠦᠷᠭᠡᠳᠬᠡᠵᠦ᠂ ᠰᠢᠶᠠᠨ ᠤ ᠬᠡᠪᠴᠢᠶᠡᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃       ᠰᠢᠶᠠᠨ ᠤ ᠤᠳᠤᠷᠢᠳᠤᠯᠭ᠎ᠠ ᠵᠤᠤ ᠵᠢᠶᠠᠨ ᠵᠢᠶᠦ᠋ᠨ᠂ ᠯᠢᠦᠢ ᠵᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ