ᠾᠧ ᠬᠠᠢ ᠳ᠋ᠦᠩ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/4
      ︵ᠰᠤᠷᠪᠤᠯᠵᠢᠯᠠᠭᠴᠢ ᠯᠢᠶᠠᠩ ᠵᠢᠩ ᠱᠤ᠋︶ 8 ᠳ᠋ᠤᠭᠠᠷ ᠰᠠᠷ᠎ᠠ ᠶᠢᠨ 3 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠬᠤᠸᠠ ᠰᠢᠶᠦ᠋ᠨ ᠳᠡᠭᠡᠳᠦ ᠰᠢᠨᠵᠢᠯᠡᠬᠦ ᠤᠬᠠᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠳ᠋ᠦᠩ ᠶᠤᠸᠠᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠮᠠᠨ ᠤ ᠬᠤᠳᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠢ᠃      ᠾᠧ ᠬᠠᠢ ᠳ᠋ᠦᠩ ᠨᠠᠷ ᠡᠩ ᠲᠡᠷᠢᠭᠦᠨ ᠳᠤ ᠬᠤᠸᠠ ᠰᠢᠶᠦ᠋ᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠬᠡᠷᠡᠭᠯᠡᠯᠲᠡ ᠶᠢᠨ ᠬᠦᠷᠢᠶ᠎ᠡ᠂ ᠵᠠᠬ᠎ᠠ ᠳᠡᠯᠭᠡᠭᠦᠷ ᠤᠨ ᠬᠤᠪᠢᠳᠠᠴᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠠᠵᠤ ᠠᠬᠤᠶᠢᠯᠠᠯ ᠤᠨ ᠣᠳᠣᠬᠢ ᠪᠠᠶᠢᠳᠠᠯ ᠵᠢᠴᠢ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠵᠤ᠂ ᠲᠤᠬᠠᠢ ᠶᠢᠨ ᠲᠠᠯᠠᠪᠠᠢ ᠳᠤ ᠠᠰᠠᠭᠤᠳᠠᠯ ᠢ ᠰᠢᠢᠳᠪᠦᠷᠢᠯᠡᠬᠦ ᠲᠥᠰᠥᠯ ᠢ ᠰᠤᠳᠤᠯᠵᠠᠢ᠃ ᠾᠧ ᠬᠠᠢ ᠳ᠋ᠦᠩ ᠠᠵᠤ ᠠᠬᠤᠶᠢᠯᠠᠯ ᠤᠨ ᠬᠢᠨ ᠢ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠭᠤᠣᠯ ᠠᠵᠢᠯ ᠢᠶᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠮᠡᠷᠭᠡᠵᠢᠯ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠢᠯᠡᠳᠬᠦᠨ ᠤ ᠭᠤᠣᠯᠯᠠᠭᠴᠢ ᠥᠷᠢᠰᠦᠯᠳᠦᠬᠦ ᠬᠦᠴᠦᠨ ᠪᠣᠯᠣᠨ ᠵᠠᠬ᠎ᠠ ᠳᠡᠯᠭᠡᠭᠦᠷ ᠢ ᠡᠵᠡᠯᠡᠬᠦ ᠨᠤᠷᠮ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠠᠬᠢᠪᠠ᠃      ᠥᠪᠥᠷ ᠮᠣᠩᠭᠤᠯ ᠤᠨ ᠳ᠋ᠦᠩ ᠶᠤᠸᠠᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ᠂ ᠾᠧ ᠬᠠᠢ ᠳ᠋ᠦᠩ ᠨᠠᠷ ᠤᠰᠤᠨ ᠤ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠰᠬᠦᠯᠡᠩ ᠤᠨ ᠣᠷᠳᠣᠨ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠪᠣᠯᠣᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠤᠨ ᠰᠠᠨᠠᠯ ᠢ ᠨᠢᠭᠤᠷ ᠵᠣᠯᠭᠠᠨ ᠰᠣᠨᠣᠰᠴᠤ᠂ ᠬᠦᠰᠡᠯ ᠱᠠᠭᠠᠷᠳᠠᠯᠭ᠎ᠠ ᠶᠢ ᠨᠢ ᠣᠶᠢᠯᠠᠭᠠᠵᠤ᠂ ᠪᠣᠳᠠᠲᠠᠢ ᠬᠦᠴᠢᠷᠳᠡᠯ ᠪᠣᠯᠣᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ ᠥᠭᠴᠡᠢ᠃ ᠾᠧ ᠬᠠᠢ ᠳ᠋ᠦᠩ ᠬᠡᠯᠡᠬᠦ ᠳᠡᠭᠡᠨ᠂ ᠥᠪᠥᠷ ᠮᠣᠩᠭᠤᠯ ᠤᠨ ᠳ᠋ᠦᠩ ᠶᠤᠸᠠᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠨᠢ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ᠂ ᠳᠠᠬᠢᠯᠲᠠ ᠤᠰᠤᠨ ᠤ ᠡᠬᠢ ᠪᠠᠶᠠᠯᠢᠭ ᠢ ᠠᠰᠢᠭᠯᠠᠬᠤ ᠵᠡᠷᠭᠡ ᠲᠠᠯ᠎ᠠ ᠪᠠᠷ ᠢᠯᠡᠳᠲᠡ ᠳᠠᠪᠠᠭᠤᠯᠢᠭ ᠲᠠᠢ ᠶᠤᠮ᠂ ᠠᠵᠤ ᠠᠬᠤᠶᠢᠯᠠᠯ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠦᠴᠦᠲᠡᠢ ᠠᠷᠭ᠎ᠠ ᠬᠡᠮᠵᠢᠶ᠎ᠡ ᠪᠠᠷ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃      ᠪᠠᠶᠢᠴᠠᠭᠠᠨ ᠰᠤᠳᠤᠯᠤᠯᠲᠠ ᠳᠤᠮᠳᠠ᠂ ᠾᠧ ᠬᠠᠢ ᠳ᠋ᠦᠩ ᠢᠯᠡᠷᠬᠡᠶᠢᠯᠡᠬᠦ ᠳᠡᠭᠡᠨ᠂ ᠥᠷᠭᠡᠨ ᠣᠯᠠᠨ ᠠᠵᠤ ᠠᠬᠤᠶᠢᠯᠠᠯ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠲᠣᠳᠣᠷᠬᠠᠢ ᠪᠣᠯᠭᠠᠵᠤ᠂ ᠬᠥᠭᠵᠢᠯᠲᠡ ᠶᠢᠨ ᠰᠡᠳᠬᠢᠴᠡ ᠪᠠᠨ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠵᠠᠪᠳᠤᠨ ᠠᠳᠬᠤᠬᠤ ᠬᠡᠷᠡᠭᠲᠡᠢ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠵᠦ᠂ ᠠᠵᠤ ᠦᠢᠯᠡᠰ ᠤᠨ ᠪᠠᠭᠤᠷᠠᠢ ᠲᠠᠯ᠎ᠠ ᠪᠠᠨ ᠨᠥᠬᠦᠪᠦᠷᠢᠯᠡᠬᠦ ᠶᠢᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ︔ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠠᠲᠤᠯᠠᠭ᠎ᠠ ᠪᠠᠨ ᠴᠢᠩᠭᠠᠷᠠᠭᠤᠯᠵᠤ᠂ ᠤᠷᠢᠲᠠ ᠠᠴᠠ ᠦᠢᠯᠡᠴᠢᠯᠡᠨ᠂ ᠲᠥᠷᠥ ᠶᠢᠨ ᠪᠣᠳᠣᠯᠭ᠎ᠠ᠂ ᠮᠡᠷᠭᠡᠵᠢᠯ᠂ ᠪᠡᠯᠡ ᠮᠥᠩᠭᠦ᠂ ᠴᠢᠳᠠᠪᠤᠷᠢᠲᠠᠨ ᠵᠡᠷᠭᠡ ᠡᠯ᠎ᠡ ᠲᠠᠯ᠎ᠠ ᠠᠴᠠ ᠠᠵᠤ ᠠᠬᠤᠶᠢᠯᠠᠯ ᠤᠨ ᠬᠥᠭᠵᠢᠯᠲᠡ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠡᠢ᠃      ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ