ᠵᠠᠩ ᠺᠧ ᠯᠢᠩ ᠤᠯᠢᠶᠠᠰᠤᠲᠠᠢ ᠰᠢᠶᠠᠩ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/8/5
      8 ᠳ᠋ᠤᠭᠠᠷ ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠤᠯᠢᠶᠠᠰᠤᠲᠠᠢ ᠰᠢᠶᠠᠩ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯ ᠤᠨ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
张科灵深入五良太乡调研工作1.jpg
      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠠᠢ ᠺᠧ ᠰᠢᠩ ᠤᠨ ᠴᠢᠩ ᠱᠦᠢ ᠡᡁᠧ ᠶᠢᠨ ᠰᠠᠭᠠᠯᠢ ᠶᠢᠨ ᠦᠨᠢᠶᠡᠨ ᠤ ᠭᠤᠣᠯ ᠡᠭᠦᠯᠳᠡᠷ ᠪᠤᠶᠢᠵᠢᠭᠤᠯᠬᠤ ᠲᠠᠯᠠᠪᠠᠢ᠂ ᠨᠡᠷᠡᠨ ᠭᠡᠷᠡᠯᠲᠦ ᠰᠠᠷᠭᠠᠢ ᠦᠵᠦᠮ ᠲᠠᠷᠢᠬᠤ ᠰᠠᠭᠤᠷᠢᠨ ᠭᠠᠵᠠᠷ᠂ ᠪᠦᠸᠧᠼᠠᠢ ᠶᠢᠩ ᠲᠣᠰᠬᠤᠨ ᠤ ᠶᠢᠦ ᠷᠠᠨ ᠮᠠᠯ ᠠᠵᠤ ᠠᠬᠤᠢ ᠶᠢᠨ 5 ᠲᠦᠮᠡᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠭᠤᠴᠢᠨ ᠨᠢᠭᠡᠳᠦᠭᠡᠷ ᠲᠣᠰᠬᠤᠨ ᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠬᠦᠷᠴᠦ᠂ ᠡᠯ᠎ᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠯᠢᠦ ᠯᠤᠤ ᠫᠦᠸᠧ ᠶᠣᠣ ᠲᠣᠰᠬᠤᠨ ᠤ ᠠᠷᠠᠳ ᠵᠠᠩ ᠰᠧ ᠳ᠋ᠠᠨ ᠤ ᠭᠡᠷ ᠲᠤ ᠬᠦᠷᠴᠦ᠂ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠪᠠ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃     ᠵᠠᠩ ᠺᠧ ᠯᠢᠩ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠠᠵᠤ ᠦᠢᠯᠡᠰ ᠢᠶᠠᠷ ᠳᠠᠶᠢᠴᠢᠯᠠᠬᠤ ᠳᠤ ᠲᠦᠰᠢᠭᠯᠡᠨ᠎ᠡ᠃ ᠤᠯᠢᠶᠠᠰᠤᠲᠠᠢ ᠰᠢᠶᠠᠩ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠵᠢᠷᠭᠤᠭᠠᠨ ᠵᠠᠭᠤᠨ ᠤ ᠵᠠᠭᠤᠨ︾ ᠪᠠᠷᠢᠯᠭ᠎ᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠥᠬᠦ ᠬᠦᠴᠦᠨ ᠢᠶᠠᠷ ᠢᠶᠠᠨ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠠᠬᠢᠴᠠ ᠶᠢ ᠪᠠᠲᠤᠯᠠᠵᠤ᠂ ᠤᠰᠤ ᠭᠠᠳᠠᠭᠰᠢᠯᠠᠭᠤᠯᠬᠤ ᠠᠮᠤᠷ ᠲᠦᠪᠰᠢᠨ ᠢ ᠭᠦᠢᠴᠡᠳ ᠪᠣᠳᠣᠯᠬᠢᠯᠠᠨ᠂ ᠲᠥᠷᠥᠯ ᠵᠦᠢᠯ ᠤᠨ ᠡᠷᠬᠢᠨ ᠲᠣᠭᠤᠷᠢᠨ ᠵᠢᠴᠢ ᠲᠠᠯᠠᠪᠠᠶ ᠲᠣᠭᠤᠷᠢᠭ ᠤᠨ ᠳᠣᠲᠣᠭᠠᠳᠤ ᠶᠢᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠷᠥᠯ ᠵᠦᠢᠯ ᠤᠨ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠵᠤ ᠡᠷᠲᠡᠬᠡᠨ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠲᠣᠰᠬᠤᠨ ᠤ ᠠᠷᠠᠳ ᠤᠨ ᠡᠷᠡᠭᠦᠯ ᠬᠠᠮᠠᠭᠠᠯᠠᠯ ᠤᠨ ᠤᠬᠠᠮᠰᠠᠷ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠦᠢᠯᠡᠴᠢᠯᠡᠭᠡ ᠶᠢ ᠴᠢᠩᠭᠠᠳᠬᠠᠵᠤ᠂ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠤᠷᠤᠭᠰᠢᠲᠠᠶ ᠠᠬᠢᠭᠤᠯᠬᠤ ᠶᠢ ᠪᠠᠲᠤᠯᠠᠵᠤ᠂ ᠬᠥᠳᠡᠭᠡ ᠲᠣᠰᠬᠤᠨ ᠢ ᠨᠠᠩ ᠢᠯᠡᠭᠦᠤ ᠣᠷᠣᠰᠢᠨ ᠰᠠᠭᠤᠬᠤ ᠳᠤ ᠲᠣᠬᠢᠷᠠᠮᠵᠢᠲᠠᠶ ᠪᠣᠯᠭᠠᠬᠤ ᠬᠡᠷᠡᠭᠲᠡᠶ ᠭᠡᠵᠡᠢ᠃
张科灵深入五良太乡调研工作2.jpg
      ᠰᠢᠶᠠᠨ ᠤ ᠤᠳᠤᠷᠢᠳᠤᠯᠭ᠎ᠠ ᠪᠠᠢ ᠬᠠᠢ ᠯᠢᠨ ᠵᠢᠴᠢ ᠬᠤᠯᠪᠣᠭᠳᠠᠯ ᠪᠦᠬᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ