ᠴᠠᠩ ᠫᠸᠢ ᠵᠥᠩ ᠠᠵᠤ ᠦᠢᠯᠡᠰ ᠤᠨ ᠪᠦᠭᠡᠮᠨᠡᠷᠡᠯ ᠤᠨ ᠭᠤᠤᠯᠳᠠᠯᠭ᠎ᠠ ᠲᠠᠢ ᠲᠥᠷᠥᠯ ᠵᠦᠢᠯ ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2022/8/5
8.5常培忠调研产业集群重点项目.jpg
      8 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠬᠤᠲᠠ ᠶᠢᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠭᠡᠮᠨᠡᠷᠡᠯ ᠢ ᠪᠤᠶᠢᠵᠢᠭᠤᠯᠤᠨ ᠠᠬᠢᠭᠤᠯᠬᠤ ᠳᠤᠭᠤᠶᠢᠯᠠᠩ ᠤᠨ ᠳᠠᠷᠤᠭ᠎ᠠ ᠴᠠᠩ ᠫᠸᠢ ᠵᠥᠩ ᠬᠤᠷᠢᠨᠭᠡᠷ ᠰᠢᠨ᠎ᠡ ᠲᠣᠭᠤᠷᠢᠭ ᠵᠢᠴᠢ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠬᠦᠷᠴᠦ ᠠᠵᠤ ᠦᠢᠯᠡᠰ ᠤᠨ ᠪᠦᠭᠡᠮᠨᠡᠷᠡᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠣᠳᠣᠯᠪᠠ᠃      ᠴᠠᠩ ᠫᠸᠢ ᠵᠦᠩ ᠤᠷᠢᠳ ᠬᠤᠵᠢᠳ ᠰᠢᠪᠸᠢ ᠶᠢᠨ ᠵᠢᠶᠠ ᠭᠦᠸᠧ ᠯᠦᠩ ᠭᠦᠩᠹᠦ᠋ ᠨᠣᠭᠤᠭ᠎ᠠ ᠶᠢᠨ ᠲᠠᠰ ᠠᠴᠠ ᠳᠠᠪᠠᠭᠰᠠᠨ ᠲᠣᠭᠤᠭᠠᠨ ᠭᠡᠷ ᠤᠨ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠦ᠂ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠪᠣᠯᠤᠨ ᠪᠠᠴᠢᠮ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠢ ᠪᠦᠬᠦ ᠲᠠᠯ᠎ᠠ ᠪᠠᠷ ᠤᠢᠢᠯᠠᠭᠠᠭᠰᠠᠨ ᠤ ᠬᠠᠮᠲᠤ ᠬᠤᠷᠢᠨᠭᠡᠷ ᠰᠦ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠪᠤᠰᠤᠳ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃      ᠴᠠᠩ ᠫᠸᠢ ᠵᠥᠩ ᠬᠡᠯᠡᠬᠦ ᠳᠡᠭᠡᠨ᠂ ᠵᠢᠶᠠ ᠭᠦᠸᠧ ᠯᠦᠩ ᠭᠦᠩᠹᠦ᠋ ᠨᠣᠭᠤᠭ᠎ᠠ ᠶᠢᠨ ᠲᠠᠰ ᠠᠴᠠ ᠳᠠᠪᠠᠭᠰᠠᠨ ᠲᠥᠪ ᠲᠣᠭᠤᠭᠠᠨ ᠬᠡᠷ ᠤᠨ ᠲᠥᠷᠥᠯ ᠵᠦᠢᠯ ᠪᠣᠯ ᠰᠢᠪᠸᠢ ᠶᠢᠨ ᠢᠳᠡᠭᠡᠨ ᠤᠮᠳᠠᠭᠠᠨ ᠤ ᠪᠦᠯᠦᠭᠯᠡᠯ ᠤᠨ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠭᠰᠠᠨ ᠭᠤᠤᠯᠯᠠᠬᠤ ᠲᠤᠬᠠᠶᠢᠯᠠᠭᠰᠠᠨ ᠠᠵᠢᠯ ᠪᠣᠯᠬᠤ ᠪᠥᠭᠡᠳ ᠪᠠᠰᠠ ᠴᠤ ᠮᠠᠨ ᠤ ᠬᠤᠲᠠ ᠶᠢᠨ ᠭᠤᠤᠯᠳᠠᠯᠭ᠎ᠠ ᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠷᠥᠯ ᠵᠦᠢᠯ ᠪᠣᠯᠤᠨ᠎ᠠ᠃ ᠲᠥᠷᠥᠯ ᠵᠦᠢᠯ ᠢ ᠬᠡᠷᠡᠭᠵᠢᠭᠦᠯᠬᠦ ᠨᠢ ᠪᠣᠬᠢᠷᠲᠤᠯ ᠥᠬᠡᠶ ᠢᠳᠡᠭᠡᠨ ᠤ ᠠᠵᠤ ᠦᠢᠯᠡᠰ ᠢ ᠤᠯᠠᠮ ᠨᠢᠭᠡ ᠠᠯᠬᠤᠮ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠣᠷᠣᠨ ᠤ ᠲᠥᠪ ᠤᠨ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠤᠶᠤᠨᠴᠢᠯᠠᠬᠤ᠂ ᠡᠷᠴᠢᠮᠵᠢᠭᠦᠯᠬᠦ᠂ ᠪᠠᠷᠢᠮᠵᠢᠶᠠᠵᠢᠭᠤᠯᠬᠤ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠢᠵᠢᠭ ᠤᠨ ᠪᠠᠶᠢᠳᠠᠯ ᠵᠡᠷᠭᠡ ᠤᠯᠠᠨ ᠲᠠᠯ᠎ᠠ ᠶᠢᠨ ᠬᠦᠴᠦᠨ ᠵᠦᠢᠯ ᠤᠨ ᠨᠥᠯᠥᠭᠡ ᠠᠴᠠ ᠪᠤᠯᠵᠤ᠂ ᠣᠳᠣᠬᠠᠨ ᠳᠤ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠤᠨ ᠠᠬᠢᠴᠠ ᠪᠠᠭ᠋ᠠᠨ ᠤᠳᠠᠭᠠᠰᠢᠷᠠᠵᠤ ᠪᠠᠶᠢᠨ᠎ᠠ᠂ ᠡᠭᠦᠨ ᠳᠤ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠤᠨ ᠪᠠᠷᠢᠯᠭ᠎ᠠ ᠶᠢᠨ ᠨᠢᠭᠡᠴᠡ ᠶᠢᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠦᠷᠦᠯ ᠵᠦᠢᠯ ᠤᠨ ᠡᠷᠲᠡᠬᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠶᠢ ᠨᠡᠩ ᠱᠠᠭᠠᠷᠳᠠᠵᠤ ᠪᠠᠶᠢᠨ᠎ᠠ᠃ ᠵᠠᠰᠠᠭ ᠤᠨ ᠣᠷᠳᠣᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠵᠣᠯᠭᠠᠭᠤᠯᠵᠤ᠂ ᠨᠠᠷᠢᠨ ᠨᠢᠮᠪᠠᠢ ᠳᠤᠬᠢᠷᠠᠭᠤᠯᠵᠤ᠂ ᠲᠤᠰᠬᠠᠢ ᠬᠥᠮᠦᠨ ᠲᠠᠭᠠᠨ ᠤᠷᠤᠭᠰᠢᠯᠠᠵᠤ ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ ᠭᠡᠪᠡ᠃      ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ᠂ ᠬᠤᠷᠢᠨᠭᠡᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠴᠢᠤᠸᠠᠨ ᠱᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ