ᠪᠣᠣ ᠭᠠᠩ ᠾᠧ ᠬᠠᠢ ᠳ᠋ᠦᠩ ᠬᠤᠸᠠ ᠸᠧᠢ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠵᠢᠭᠦᠷ ᠬᠡᠷᠡᠭ ᠮᠡᠳᠡᠭᠴᠢᠳ ᠤᠨ ᠳᠠᠷᠤᠭ᠎ᠠ ᠰᠢᠦᠢ ᡁᠢ ᠵᠢᠶᠦ᠋ᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/8/5
      ︵ᠰᠤᠷᠪᠤᠯᠵᠢᠯᠠᠭᠴᠢ ᠶᠦᠨ ᠵᠢᠩ︶ 8 ᠳ᠋ᠤᠭᠠᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠬᠤᠸᠠ ᠸᠧᠢ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠵᠢᠭᠦᠷ ᠬᠡᠷᠡᠭ ᠮᠡᠳᠡᠭᠴᠢᠳ ᠤᠨ ᠳᠠᠷᠤᠭ᠎ᠠ ᠰᠢᠦᠢ ᡁᠢ ᠵᠢᠶᠦ᠋ᠨ ᠨᠠᠷ ᠲᠠᠢ ᠠᠭᠤᠯᠵᠠᠪᠠ᠃      ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠰᠢᠦᠢ ᡁᠢ ᠵᠢᠶᠦ᠋ᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠤᠸᠠ ᠸᠧᠢ ᠺᠣᠮᠫᠠᠨᠢ ᠶᠢᠨ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠤᠸᠠ ᠸᠧᠢ ᠺᠣᠮᠫᠠᠨᠢ ᠪᠣᠯ ᠪᠦᠬᠦ ᠪᠥᠮᠪᠥᠷᠴᠡᠭ ᠤᠨ ᠮᠡᠳᠡᠭᠡ ᠵᠠᠩᠭᠢ ᠪᠣᠯᠣᠨ ᠮᠡᠳᠡᠭᠡ ᠬᠤᠯᠪᠣᠭᠠᠨ ᠤ ᠬᠦᠷᠢᠶᠡᠨ ᠳᠠᠬᠢ ᠳᠠᠭᠠᠭᠤᠯᠤᠭᠴᠢ ᠠᠵᠤ ᠠᠬᠤᠶᠢᠯᠠᠯ ᠮᠥᠨ᠂ ᠣᠳᠣᠬᠠᠨ ᠳᠤ ᠮᠠᠨ ᠤ ᠬᠤᠲᠠ ᠲᠣᠭᠠᠴᠢᠯᠠᠭᠰᠠᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠲᠣᠭᠠᠴᠢᠯᠠᠯᠲᠠ ᠪᠠᠷ ᠠᠵᠤ ᠦᠢᠯᠡᠰ ᠤᠨ ᠲᠠᠰ ᠳᠡᠪᠰᠢᠬᠦ᠂ ᠬᠤᠲᠠ ᠶᠢᠨ ᠬᠠᠮᠢᠶᠠᠷᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠳᠤ ᠬᠦᠴᠦᠨ ᠨᠡᠮᠡᠷᠢᠯᠡᠵᠦ᠂ ᠢᠯᠠᠩᠭᠤᠶ᠎ᠠ ᠲᠣᠮᠣ ᠳ᠋ᠠᠶᠢᠲ᠋ᠠ᠂ ᠡᠭᠦᠯᠡᠨ ᠪᠣᠳᠣᠯᠲᠠ ᠪᠠᠷ ᠣᠨᠴᠠᠯᠢᠭ ᠪᠣᠯᠭᠠᠭᠰᠠᠨ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠪᠣᠯᠣᠨ ᠪᠣᠬᠢᠷᠳᠤᠯ ᠦᠭᠡᠢ ᠴᠠᠬᠢᠯᠭᠠᠨ ᠬᠦᠴᠦᠨ ᠢᠶᠠᠷ ᠰᠠᠭᠤᠷᠢ ᠪᠣᠯᠭᠠᠭᠰᠠᠨ ᠴᠡᠪᠡᠷ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ ᠢ ᠶᠡᠭᠡ ᠪᠠᠷ ᠪᠣᠶᠢᠵᠢᠭᠤᠯᠬᠤ ᠲᠠᠯ᠎ᠠ ᠪᠠᠷ ᠬᠤᠸᠠ ᠸᠧᠢ ᠶᠢᠨ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠬᠤᠸᠠ ᠸᠧᠢ ᠺᠣᠮᠫᠠᠨᠢ ᠬᠥᠬᠡᠬᠤᠲᠠ ᠳᠠᠬᠢ ᠠᠵᠤ ᠦᠢᠯᠡᠰ ᠤᠨ ᠪᠠᠶᠢᠷᠢᠰᠢᠭᠤᠯᠤᠯᠲᠠ ᠪᠠᠨ ᠲᠠᠰᠤᠷᠠᠯᠲᠠ ᠦᠭᠡᠢ ᠥᠷᠭᠡᠳᠬᠡᠵᠦ᠂ ᠲᠣᠭᠠᠴᠢᠯᠠᠭᠰᠠᠨ ᠠᠵᠤ ᠠᠬᠤᠢ᠂ ᠠᠵᠤ ᠦᠢᠯᠡᠰ ᠤᠨ ᠲᠠᠰ ᠳᠡᠪᠰᠢᠬᠦ᠂ ᠣᠶᠤᠨᠲᠤ ᠬᠤᠲᠠ᠂ ᠨᠡᠶᠢᠭᠡᠮ ᠤᠨ ᠵᠠᠰᠠᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠠᠩ ᠣᠯᠠᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠦᠢᠯᠡᠳᠦᠯ ᠢ ᠪᠠᠳᠠᠷᠠᠭᠤᠯᠵᠤ᠂ ᠲᠣᠭᠠᠴᠢᠯᠠᠯᠲᠠ ᠪᠠᠷ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠳᠤ  ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠬᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠬᠠᠩᠭᠠᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠡᠭᠦᠳᠦᠨ᠎ᠡ ᠭᠡᠵᠡᠢ᠃      ᠰᠢᠦᠢ ᡁᠢ ᠵᠢᠶᠦ᠋ᠨ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠬᠤᠸᠠ ᠸᠧᠢ ᠺᠣᠮᠫᠠᠨᠢ ᠶᠢ ᠴᠢᠬᠤᠯᠠᠴᠢᠯᠠᠨ ᠦᠵᠡᠵᠦ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠶᠢᠨ ᠬᠥᠭᠵᠢᠯᠲᠡ ᠶᠢᠨ ᠳᠠᠯᠳᠠ ᠬᠦᠴᠦᠨ ᠶᠡᠭᠡ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠣᠷᠣᠨ ᠪᠠᠶᠢᠷᠢ᠂ ᠠᠵᠤ ᠦᠢᠯᠡᠰ᠂ ᠠᠮᠢ ᠠᠬᠤᠢ᠂ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠢᠯᠡᠳᠲᠡ ᠳᠠᠪᠠᠭᠤᠯᠢᠭ ᠲᠠᠢ᠃ ᠬᠤᠸᠠ ᠸᠧᠢ ᠳᠡᠯᠡᠬᠡᠢ ᠶᠢᠨ ᠲᠡᠷᠢᠭᠦᠨ ᠤ ᠮᠡᠳᠡᠭᠡ ᠵᠠᠩᠭᠢ ᠴᠢᠮᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠪᠠ ᠣᠶᠤᠨᠲᠤ ᠦᠵᠦᠭᠦᠷ ᠬᠠᠩᠭᠠᠬᠤ ᠬᠤᠳᠠᠯᠳᠤᠭᠠᠴᠢᠨ ᠪᠣᠯᠤᠭᠰᠠᠨ ᠤ ᠬᠤᠪᠢ ᠳᠤ᠂ ᠣᠷᠣᠨ ᠤ ᠲᠥᠪ ᠬᠤᠲᠠ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠲᠤᠰ ᠪᠡᠶ᠎ᠡ ᠶᠢᠨ ᠠᠵᠤ ᠦᠢᠯᠡᠰ᠂ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠢᠯᠡᠴᠢᠯᠡᠭᠡᠨ ᠤ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠵᠦᠭ ᠬᠤᠪᠢᠷᠠᠬᠤ᠂ ᠵᠠᠰᠠᠭ ᠤᠨ ᠶᠠᠪᠤᠳᠠᠯ ᠤᠨ ᠡᠭᠦᠯᠡᠨ ᠪᠣᠳᠣᠯᠲᠠ᠂ ᠣᠶᠤᠨᠲᠤ ᠵᠠᠮ ᠬᠠᠷᠢᠯᠴᠠᠭ᠎ᠠ᠂ ᠣᠶᠤᠨᠲᠤ ᠳᠣᠲᠣᠭᠠᠳᠤ ᠶᠢ ᠬᠠᠮᠠᠭᠠᠯᠠᠬᠤ ᠵᠡᠷᠭᠡ ᠲᠠᠯ᠎ᠠ ᠪᠠᠷ ᠣᠷᠣᠨ ᠤ ᠲᠥᠪ ᠬᠤᠲᠠ ᠯᠤᠭ᠎ᠠ ᠨᠡᠩ ᠭᠦᠨ ᠲᠡᠰ ᠳᠠᠪᠬᠤᠷᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠬᠤᠶᠠᠷ ᠲᠠᠯ᠎ᠠ ᠪᠠᠷ ᠢᠶᠠᠨ ᠨᠡᠩ ᠡᠯᠪᠡᠭ ᠪᠠᠶᠠᠯᠢᠭ ᠬᠠᠮᠲᠤᠷᠠᠯᠴᠠᠭᠠᠨ ᠤ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠴᠧᠩ ᠮᠢᠨ᠂ ᠯᠢᠦ ᠵᠢᠢ ᠶᠢᠩ᠂ ᠵᠦ ᠵᠢᠶᠠᠨ ᠭᠦᠸᠧ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ