ᠬᠤᠷᠢᠨᠭᠡᠷ ᠰᠢᠶᠠᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/8
8.8和林格尔县召开防汛救灾工作部署会.jpg
      8 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠷᠢᠨᠭᠡᠷ ᠰᠢᠶᠠᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠲᠣᠭᠲᠠᠭᠤᠨ ᠪᠠᠶᠢᠳᠠᠯ ᠵᠡᠷᠭᠡ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠠᠬᠢᠨ ᠳᠣᠭᠢᠷᠠᠭᠤᠯᠵᠤ ᠳᠠᠬᠢᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠭᠦᠢ ᠨᠢᠭᠡᠴᠡ᠂ ᠰᠢᠶᠠᠩ ᠪᠠᠯᠭᠠᠰᠤᠨ ᠤ ᠬᠢᠨ ᠣᠳᠣᠬᠠᠨ ᠤ ᠪᠠᠶᠢᠳᠠᠯ ᠢ ᠲᠣᠳᠣᠷᠬᠠᠶ ᠲᠠᠨᠢᠵᠤ᠂ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠴᠢᠩᠬᠠᠣᠠᠬᠠᠨ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠠ ᠬᠢᠬᠦ ᠬᠡᠷᠡᠭᠲᠡᠢ᠃ ᠭᠤᠣᠯᠳᠠᠯᠭ᠎ᠠ ᠶᠢ ᠳᠤᠪᠤᠶᠢᠯᠭᠠᠵᠤ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠢ ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠦᠶᠡᠷ ᠤᠨ ᠬᠤᠭᠤᠴᠠᠭᠠᠨ ᠤ ᠭᠠᠮᠰᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠨᠠᠷᠢᠨ ᠪᠣᠳᠠᠲᠠᠢ ᠠᠳᠬᠤᠬᠤ ᠬᠡᠷᠡᠭᠲᠡᠢ︔ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠤᠯᠠᠨ ᠲᠦᠮᠡᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠪᠠᠴᠢᠮ ᠪᠠᠶᠢᠳᠠᠯ ᠢ ᠠᠷᠭᠠᠴᠠᠭᠠᠵᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠪᠡ᠃      ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ‍ᠤᠤᠢ ᠴᠧᠩ ᠬᠤ᠋᠂ ᠮᠠ ᠵᠢᠶᠦ᠋ᠨ ᠸᠧᠶ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠡᠯ᠎ᠡ ᠬᠤᠯᠪᠣᠭᠳᠠᠯ ᠪᠥᠬᠦᠶ ᠨᠢᠭᠡᠴᠡ᠂ ᠡᠯ᠎ᠡ ᠰᠢᠶᠠᠩ ᠪᠠᠯᠭᠠᠰᠤ ︵ᠪᠡᠯᠡᠳᠬᠡᠯ ᠳᠤᠭᠤᠶᠢᠯᠠᠩ︶ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ