ᠮᠠᠨ ᠤ ᠬᠤᠲᠠ ᠡᠨᠡ ᠵᠢᠯ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠨᠢᠭᠡᠨᠲᠡ 713 ᠳ᠋ᠦᠩᠰᠢᠭᠤᠷ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2022/8/9
      ︵ᠰᠤᠷᠪᠤᠯᠵᠢᠯᠠᠭᠴᠢ ᠶᠦᠨ ᠶᠠᠨ ᠹᠠᠩ︶ ᠲᠦᠷᠦᠭᠦᠬᠡᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠮᠠᠨ ᠤ ᠬᠤᠲᠠ ᠶᠢᠨ 1042 ᠭᠤᠣᠯᠳᠠᠯᠭ᠎ᠠ ᠲᠠᠢ ᠲᠥᠷᠥᠯ ᠵᠦᠢᠯ ᠨᠢᠭᠡᠨᠲᠡ 713 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃      ᠡᠨᠡ ᠵᠢᠯ ᠠᠴᠠ ᠨᠠᠰᠢ᠂ ᠬᠥᠬᠡᠬᠤᠲᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠳᠥᠷᠪᠡᠨ ᠨᠣᠷᠮ᠎ᠠ︾ ︵ᠳᠠᠩᠰᠠᠯᠠᠭᠤᠯᠤᠭᠰᠠᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ᠂ ᠠᠰᠢᠭᠯᠠᠯᠲᠠ ᠳᠤ ᠣᠷᠣᠭᠤᠯᠤᠭᠰᠠᠨ ᠨᠣᠷᠮ᠎ᠠ᠂ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠨᠣᠷᠮ᠎ᠠ︶ ᠶᠢᠨ ᠬᠠᠷᠠᠯᠲᠠ ᠶᠢ ᠴᠢᠩᠭ᠎ᠠ ᠠᠳᠬᠤᠵᠤ᠂ ᠲᠥᠷᠥᠯ ᠵᠦᠢᠯ ᠢ ᠲᠦᠯᠬᠢᠨ ᠠᠬᠢᠭᠤᠯᠬᠤ ᠬᠦᠴᠦᠲᠡᠢ ᠲᠣᠭᠲᠠᠴᠠ ᠶᠢ ᠪᠠᠶᠢᠭᠤᠯᠵᠤ᠂ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ ᠵᠦᠩ ᠬᠤᠸᠠᠨ ᠤ ᠲᠠᠪᠤᠳᠤᠭᠠᠷ ᠬᠤᠭᠤᠴᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠬᠦ᠂ ᠢᠯᠢ ᠶᠢᠨ ᠰᠢᠩᠭᠡᠨ ᠲᠦᠯᠦᠪᠲᠦ ᠰᠦ᠂ ᠮᠧᠩ ᠨᠢᠦ ᠶᠢᠨ ᠠᠵᠤ ᠦᠢᠯᠡᠰ ᠤᠨ ᠬᠦᠷᠢᠶᠡᠯᠡᠩ᠂ ᠶᠢᠨ ᠱᠠᠨ ᠤ ᠢᠯᠴᠢ ᠴᠠᠬᠢᠯᠭᠠᠨ ᠤ ᠬᠤᠶᠠᠳᠤᠭᠠᠷ ᠬᠤᠭᠤᠴᠠᠭ᠎ᠠ᠂ ᠰᠢᠦᠢ ᠶᠠᠩ ᠵᠦᠩ ᠷᠠᠨ᠂ ᠰᠢᠨ᠎ᠡ ᠨᠢᠰᠬᠡᠯ ᠤᠨ ᠪᠠᠭᠤᠳᠠᠯ ᠵᠡᠷᠭᠡ ᠨᠢᠭᠡ ᠪᠦᠯᠦᠭ ᠲᠣᠮᠣ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ ᠣᠳᠣᠬᠠᠨ ᠳᠤ᠂ ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ᠂ ᠰᠢᠨ᠎ᠡ ᠪᠠᠷ ᠪᠠᠶᠢᠭᠤᠯᠬᠤ ᠲᠥᠷᠥᠯ ᠵᠦᠢᠯ 664 ᠪᠠᠶᠢᠵᠤ᠂ 306 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ ᠦᠷᠭᠦᠯᠵᠢᠯᠡᠨ ᠪᠠᠶᠢᠭᠤᠯᠬᠤ ᠲᠥᠷᠥᠯ ᠵᠦᠢᠯ 378 ᠪᠠᠶᠢᠵᠤ᠂ 407 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠤᠨ ᠲᠣᠬᠢᠷᠠᠭᠤᠯᠤᠯᠲᠠ ᠶᠢᠨ ᠦᠢᠯᠡᠴᠢᠯᠡᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠰᠢᠵᠢᠷ ᠠᠯᠲᠠᠨ ᠬᠤᠭᠤᠴᠠᠭ᠎ᠠ ᠶᠢ ᠠᠰᠢᠭᠯᠠᠨ᠂ ᠳ᠋ᠠ ᠲᠠᠩ ᠤᠨ ᠴᠡᠪᠡᠷ ᠡᠨᠧᠷᠭᠢ᠂ ᠳ᠋ᠠ ᠲᠠᠩ ᠤᠨ ᠣᠷᠳᠣ ᠵᠠᠢ ᠪᠠᠷ ᠢᠯᠴᠢ ᠳᠠᠮᠵᠢᠭᠤᠯᠬᠤ᠂ ᠴᠡᠪᠡᠷᠰᠢᠭᠦᠯᠦᠭᠰᠡᠨ ᠤᠰᠤ ᠶᠢ  ᠲᠤᠭᠲᠠᠬᠤ ᠴᠢᠩ ᠱᠦᠢ ᠡᠾᠧ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠣᠷᠣᠭᠤᠯᠬᠤ ᠵᠡᠷᠭᠡ ᠰᠢᠨ᠎ᠡ ᠪᠠᠷ ᠠᠵᠢᠯ ᠡᠬᠢᠯᠡᠭᠦᠯᠬᠦ ᠴᠢᠬᠤᠯᠠ ᠶᠡᠭᠡ ᠲᠥᠷᠥᠯ ᠵᠦᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠢ ᠤᠯᠠᠮ ᠨᠢᠭᠡ ᠠᠯᠬᠤᠮ ᠳᠠᠶᠢᠴᠢᠯᠠᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ