ᠪᠣᠣ ᠭᠠᠩ ᠮᠠᠨ ᠤ ᠬᠤᠳᠠ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠳᠠᠯᠳᠠᠭᠤᠷ ᠰᠤᠷᠪᠤᠯᠵᠢᠯᠠᠨ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/8/9
ᠼᠤᠤ ᠰᠧ ᠶᠠᠩ ᠣᠷᠣᠯᠴᠠᠵᠠᠢ      ︵ᠰᠤᠷᠪᠤᠯᠵᠢᠯᠠᠭᠴᠢ ᠶᠦᠨ ᠵᠢᠩ︶ 8 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠮᠠᠨ ᠤ ᠬᠤᠳᠠ ᠶᠢᠨ ᠬᠡᠰᠡᠭ ᠬᠠᠭᠤᠴᠢᠨ ᠬᠤᠷᠢᠶᠠᠯᠠᠯ᠂ ᠬᠤᠳᠠ ᠬᠥᠳᠡᠭᠡ ᠶᠢᠨ ᠠᠭᠤᠯᠵᠠᠷ ᠭᠠᠵᠠᠷ᠂ ᠭᠠᠯᠲᠤ ᠲᠡᠷᠭᠡᠨ ᠦᠷᠳᠡᠭᠡ᠂ ᠬᠤᠳᠠᠯᠳᠤᠭᠠᠨ ᠤ ᠲᠠᠯᠠᠪᠠᠢ ᠶᠢᠨ ᠡᠷᠬᠢᠨ ᠲᠣᠭᠤᠷᠢᠨ ᠵᠢᠴᠢ ᠲᠣᠮᠣ ᠬᠡᠯᠪᠡᠷᠢ ᠶᠢᠨ ᠢᠳᠡᠭᠡᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠭᠦᠨᠵᠡᠭᠡᠶᠢᠷᠡᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠳᠠᠯᠳᠠᠭᠤᠷ ᠰᠤᠷᠪᠤᠯᠵᠢᠯᠠᠨ ᠬᠢᠨᠠᠨ ᠵᠢᠯᠣᠭᠤᠳᠪᠠ᠃      ᠪᠣᠣ ᠭᠠᠩ ᠤᠷᠢᠳ ᠬᠤᠵᠢᠳ ᠰᠠᠶᠢᠬᠠᠨ ᠲᠣᠭᠤᠷᠢᠭ ᠤᠨ ᠴᠦᠨ ᠢᠦᠢ ᠨᠡᠶᠢᠭᠡᠮ ᠲᠣᠭᠤᠷᠢᠭ ᠤᠨ  ᠪᠠᠶᠢᠰᠢᠩ ᠭᠡᠷ ᠤᠨ ᠲᠣᠭᠤᠷᠢᠭ᠂ ᠢᠦᠢ ᠴᠢᠤᠸᠠᠨ ᠲᠣᠭᠤᠷᠢᠭ ᠤᠨ ᠵᠤᠤ ᠵᠢᠶᠦ᠋ᠨ ᠵᠠᠮ ᠤᠨ ᠬᠡᠷᠡᠭ ᠡᠷᠬᠢᠯᠡᠬᠦ ᠭᠠᠵᠠᠷ ᠤᠨ ᠼᠤᠤ ᠺᠦ᠋ ᠭᠤᠳᠤᠮᠵᠢ ᠶᠢᠨ ᠬᠤᠳᠠ ᠬᠥᠳᠡᠭᠡ ᠶᠢᠨ ᠠᠭᠤᠯᠵᠠᠷ ᠭᠠᠵᠠᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠢᠯᠡᠰ ᠪᠣᠰᠬᠠᠬᠤ ᠳᠡᠭᠡᠳᠦ ᠰᠤᠷᠭᠠᠭᠤᠯᠢ ᠶᠢᠨ ᠡᠮᠦᠨ᠎ᠡ ᠭᠤᠳᠤᠮᠵᠢ ᠶᠢᠨ ᠪᠠᠶᠢᠰᠢᠩ ᠭᠡᠷ ᠤᠨ ᠲᠣᠭᠤᠷᠢᠭ᠂ ᠰᠢᠨ᠎ᠡ ᠬᠤᠳᠠ ᠲᠣᠭᠤᠷᠢᠭ ᠤᠨ ᠴᠠᠬᠢᠯᠭᠠᠨ ᠦᠢᠯᠡᠳᠪᠦᠷᠢ ᠶᠢᠨ ᠡᠮᠦᠨ᠎ᠡ ᠵᠡᠭᠡᠯᠢ ᠶᠢᠨ ᠨᠡᠶᠢᠭᠡᠮ ᠲᠣᠭᠤᠷᠢᠭ ᠤᠨ ᠶᠢᠨ ᠲᠠᠢ ᠬᠤᠷᠢᠶᠠᠯᠠᠯ᠂ ᠬᠤᠲᠣᠩ ᠠᠷᠠᠳ ᠤᠨ ᠲᠣᠭᠤᠷᠢᠭ ᠤᠨ ᠰᠢᠶᠣᠣ ᠹᠦ᠋ ᠵᠠᠮ᠂ ᠸᠧᠢ ᠳ᠋ᠥᠸᠧ ᠯᠢ ᠮᠦᠸᠧ ᠡᠯ ᠴᠧᠩ ᠤᠨ ᠪᠠᠷᠠᠭᠤᠨ ᠡᠭᠦᠳᠡ ᠵᠢᠴᠢ ᠮᠧᠢ ᠲᠦᠩ ᠢᠳᠡᠭᠡᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠬᠦᠷᠴᠡᠢ᠃ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ ︽ᠡᠯᠭᠦᠭᠡ ᠤᠲᠠᠰᠤ︾ ᠢ ᠵᠠᠰᠠᠬᠤ᠂ ᠮᠠᠰᠢᠨᠲᠤ ᠲᠡᠷᠭᠡ ᠶᠢ ᠳᠤᠷ᠎ᠠ ᠪᠠᠷ ᠢᠶᠠᠨ ᠵᠣᠭᠰᠤᠭᠠᠬᠤ ᠵᠢᠴᠢ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠦᠭᠡᠢ ᠵᠡᠷᠭᠡ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠠᠯᠪᠠᠯᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠠᠢ ᠰᠠᠨᠠᠯ ᠪᠠ ᠱᠠᠭᠠᠷᠳᠠᠯᠭ᠎ᠠ ᠳᠤᠷᠠᠳᠴᠠᠢ᠃      ᠪᠣᠣ ᠭᠠᠩ ᠬᠡᠯᠡᠬᠦ ᠳᠡᠭᠡᠨ᠂ ᠣᠳᠣᠬᠠᠨ ᠳᠤ᠂ ᠮᠠᠨ ᠤ ᠬᠤᠳᠠ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠨᠢᠭᠡᠨᠲᠡ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠴᠢᠮ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠠᠲᠠᠭᠤ ᠴᠢᠩᠭ᠎ᠠ ᠰᠤᠷᠲᠠᠯ ᠢᠶᠠᠷ ᠬᠦᠴᠢᠷ ᠠᠰᠠᠭᠤᠳᠠᠯ ᠳᠤ ᠰᠢᠭᠤᠳ ᠬᠠᠨᠳᠤᠵᠤ᠂ ᠡᠷᠡᠰ ᠰᠢᠭᠤᠷᠬᠠᠢ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠦᠨᠡᠯᠡᠨ ᠰᠢᠯᠭᠠᠬᠤ ᠰᠢᠰᠲ᠋ᠧᠮᠵᠢ ᠶᠢᠨ ᠪᠠᠷᠢᠮᠵᠢᠶ᠎ᠠ ᠲᠠᠢ ᠬᠠᠷᠢᠴᠠᠭᠤᠯᠤᠨ ᠡᠭᠦᠳᠦᠨ ᠪᠠᠶᠢᠭᠤᠯᠬᠤ ᠠᠵᠢᠯ ᠢ ᠨᠠᠷᠢᠨ ᠬᠢᠨᠠᠮᠠᠭᠠᠢ ᠠᠳᠬᠤᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠨᠠᠷᠢᠨ ᠬᠠᠭᠤᠳᠠᠰᠤ ᠶᠢᠨ ᠬᠡᠯᠪᠡᠷᠢ ᠪᠠᠷ ᠲᠦᠯᠬᠢᠨ ᠠᠬᠢᠭᠤᠯᠵᠤ᠂ ᠳ᠋ᠤᠭᠠᠷ ᠬᠠᠰᠤᠬᠤ ᠬᠡᠯᠪᠡᠷᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ︽ᠪᠣᠭᠤᠮᠲᠠ ᠰᠢᠪᠲᠤᠯᠬᠤ︾ ᠣᠪᠣᠷ ᠪᠠᠶᠢᠳᠠᠯ ᠢᠶᠠᠷ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠡᠭᠡᠯᠢ ᠭᠤᠳᠤᠮᠵᠢ ᠬᠠᠭᠤᠴᠢᠨ ᠬᠤᠷᠢᠶᠠᠯᠠᠯ ᠬᠥᠳᠡᠭᠡ ᠠᠵᠤ ᠠᠬᠤᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠪᠠᠭᠤᠷᠠᠢ ᠭᠠᠵᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠨᠢᠭᠡ ᠴᠣᠭᠴᠠᠵᠢᠭᠤᠯᠤᠨ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠴᠣᠭᠴᠠᠵᠢᠭᠤᠯᠤᠨ ᠴᠡᠭᠴᠡᠯᠡᠨ ᠰᠠᠶᠢᠵᠢᠷᠠᠭᠤᠯᠵᠤ᠂ ᠪᠦᠬᠦ ᠣᠷᠣᠨ ᠪᠦᠰᠡ ᠪᠠᠷ ᠡᠭᠦᠳᠦᠨ ᠪᠠᠶᠢᠭᠤᠯᠬᠤ᠂ ᠪᠦᠬᠦ ᠴᠠᠭ ᠢᠶᠠᠷ ᠡᠭᠦᠳᠦᠨ ᠪᠠᠶᠢᠭᠤᠯᠬᠤ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ︽ᠬᠡᠵᠢᠶ᠎ᠡ ᠴᠦ ᠰᠠᠨᠠᠭ᠎ᠠ ᠠᠮᠤᠷ ᠦᠭᠡᠢ︾ ᠠᠵᠢᠯ ᠤᠨ ᠣᠪᠣᠷ ᠢ ᠴᠢᠩᠭᠠᠳᠬᠠᠵᠤ᠂ ᠪᠠᠶᠢᠩᠭᠤ ᠶᠢᠨ ᠬᠠᠮᠢᠶᠠᠷᠤᠯᠲᠠ ᠶᠢᠨ ᠲᠣᠭᠲᠠᠴᠠ᠂ ᠠᠵᠢᠯ ᠤᠨ ᠲᠣᠬᠢᠷᠠᠭᠤᠯᠤᠯᠲᠠ ᠶᠢᠨ ᠲᠣᠭᠲᠠᠴᠠ ᠪᠠ ᠳᠠᠭᠠᠭᠠᠴᠢᠯᠠᠨ ᠬᠠᠷᠢᠯᠴᠠᠵᠤ ᠬᠢᠨᠠᠨ ᠵᠢᠯᠤᠭᠤᠳᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ︽ᠶᠠᠪᠤᠳᠠᠯ ᠪᠦᠬᠦᠨ ᠢ ᠪᠣᠳᠠᠲᠠᠢ ᠳᠤ ᠨᠠᠶᠢᠳᠠᠪᠤᠷᠢᠵᠢᠭᠤᠯᠬᠤ︾ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠵᠤ᠂ ᠱᠠᠲᠤ ᠱᠠᠲᠤ ᠪᠠᠷ ᠳᠠᠷᠤᠯᠲᠠ ᠥᠭᠴᠦ᠂ ᠱᠠᠲᠤ ᠱᠠᠲᠤ ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠲᠦᠷᠦᠭᠦᠯᠡᠨ ᠶᠡᠷᠦᠩᠬᠡᠢ ᠬᠠᠷᠢᠭᠤᠴᠠᠯᠭ᠎ᠠ ᠶᠢ ᠠᠳᠬᠤᠵᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠳᠤᠮᠳᠠ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠳᠡᠭᠡᠭᠰᠢᠯᠡᠭᠦᠯᠵᠦ᠂ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ᠂ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠶᠢ ᠨᠡᠶᠢᠳᠡᠮ ᠪᠦᠷᠬᠦᠭᠦᠯᠵᠦ᠂ ᠬᠠᠮᠢᠶᠠᠷᠤᠯᠲᠠ ᠳᠠᠭᠠᠨ ᠴᠣᠭᠤᠷᠬᠠᠢ ᠦᠯᠡᠳᠡᠭᠡᠬᠦ ᠦᠭᠡᠢ᠂ ᠡᠭᠦᠳᠦᠨ ᠪᠠᠶᠢᠭᠤᠯᠬᠤ ᠳᠤ ᠪᠠᠯᠠᠢ ᠭᠠᠵᠠᠷ ᠦᠯᠡᠳᠡᠭᠡᠵᠦ ᠪᠣᠯᠬᠤ ᠦᠭᠡᠢ᠃ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠬᠢᠨᠠᠨ ᠰᠢᠯᠭᠠᠵᠤ ᠱᠠᠩᠨᠠᠵᠤ ᠲᠣᠷᠭᠠᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭ᠎ᠠ ᠪᠠᠨ ᠠᠯᠳᠠᠭᠰᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠲᠡᠮᠦᠷ ᠮᠡᠲᠦ ᠰᠠᠬᠢᠯᠭ᠎ᠠ ᠪᠠᠲᠤ᠂ ᠴᠢᠩᠭ᠎ᠠ ᠰᠤᠷᠲᠠᠯ᠂ ᠪᠣᠳᠠᠲᠠᠢ ᠡᠭᠦᠷᠭᠡᠯᠡᠯ ᠢᠶᠠᠷ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ︽ᠬᠥᠮᠥᠨ ᠪᠦᠬᠦᠨ ᠴᠥᠮ ᠭᠤᠣᠯ ᠬᠦᠴᠦᠨ ᠪᠣᠯᠬᠤ︾ ᠠᠵᠢᠯ ᠤᠨ ᠠᠷᠭ᠎ᠠ ᠶᠢ ᠴᠢᠩᠭᠠᠷᠠᠭᠤᠯᠵᠤ᠂ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠳᠠᠶᠢᠴᠢᠯᠠᠵᠤ ᠪᠣᠯᠬᠤ ᠬᠦᠴᠦᠨ ᠪᠦᠬᠦᠨ ᠢ ᠳᠠᠶᠢᠴᠢᠯᠠᠵᠤ᠂ ︽ᠠᠷᠠᠳ ᠲᠦᠮᠡᠨ ᠤ ᠲᠥᠯᠥᠭᠡ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠠᠷᠠᠳ ᠲᠦᠮᠡᠨ ᠳᠤ ᠲᠦᠰᠢᠭᠯᠡᠬᠦ᠂ ᠬᠤᠲᠠ ᠶᠢ ᠡᠭᠦᠳᠦᠨ ᠪᠠᠶᠢᠭᠤᠯᠵᠤ ᠠᠷᠠᠳ ᠲᠦᠮᠡᠨ ᠳᠤ ᠠᠰᠢᠭ ᠬᠦᠷᠲᠡᠭᠡᠬᠦ︾ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠤᠯᠴᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠼᠤᠤ ᠰᠧ ᠶᠠᠩ᠂ ᠲᠠᠩ ᠶᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠳᠠᠯᠳᠠᠭᠤᠷ ᠰᠤᠷᠪᠤᠯᠵᠢᠯᠠᠵᠤ ᠬᠢᠨᠠᠨ ᠵᠢᠯᠤᠭᠤᠳᠬᠤ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ