ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠡᠳ᠋ ᠤᠨ ᠶᠠᠪᠤᠳᠠᠯ ᠵᠢᠴᠢ ᠬᠢᠨᠠᠨ ᠪᠤᠳᠤᠬᠤ ᠮᠡᠳᠡᠯᠭᠡ ᠶᠢᠨ ᠲᠤᠰᠬᠠᠶ ᠰᠡᠳᠦᠪᠲᠦ ᠰᠤᠷᠤᠯᠴᠠᠯᠭ᠎ᠠ ᠪᠣᠯᠪᠠᠰᠤᠷᠠᠭᠤᠯᠤᠯ ᠤᠨ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2022/9/1
8.31和林格尔县教育系统财务及审计知识专题学习培训会举行.png
      8 ᠰᠠᠷ᠎ᠠ ᠶᠢᠨ 25 ᠤ ᠡᠳᠦᠷ᠂ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠬᠡᠷ ᠲᠤ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠱᠦᠵᠢ᠂ ᠬᠡᠤᠬᠡᠳ ᠤᠨ ᠴᠡᠴᠡᠷᠯᠢᠭ ᠤᠨ ᠳᠠᠷᠤᠭ᠎ᠠ ᠶᠢᠨ ᠲᠤᠰᠬᠠᠶ ᠰᠡᠳᠦᠪᠲᠦ ᠰᠤᠷᠤᠯᠴᠠᠯᠭ᠎ᠠ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ ᠶᠡᠷᠦᠩᠬᠡᠶ ᠬᠢᠨᠠᠨ ᠪᠤᠳᠤᠭᠴᠢ ᠶᠢ ᠤᠷᠢᠵᠤ ᠡᠳ᠋ ᠤᠨ ᠶᠠᠪᠤᠳᠠᠯ ᠵᠢᠴᠢ ᠬᠢᠨᠠᠨ ᠪᠤᠳᠤᠬᠤ ᠮᠡᠳᠡᠯᠭᠡ ᠶᠢᠨ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠳᠤ᠂ ᠰᠤᠷᠭᠠᠭᠤᠯᠢ ᠶᠢᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢᠨ ᠳᠤᠮᠳᠠᠬᠢ ᠠᠩᠬᠠᠷᠬᠤ ᠴᠢᠬᠤᠯᠠᠲᠠᠶ ᠭᠤᠤᠯᠳᠠᠯᠭ᠎ᠠ ᠶᠢ ᠰᠤᠳᠤᠯᠤᠨ ᠶᠠᠷᠢᠯᠴᠠᠪᠠ︔ 2022 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠭᠰᠡᠨ ︽ᠳᠤᠮᠳᠠᠳᠤ ᠪᠠᠭ᠎ᠠ ᠰᠤᠷᠭᠠᠭᠤᠯᠢ ᠶᠢᠨ ᠡᠳ᠋ ᠤᠨ ᠶᠠᠪᠤᠳᠠᠯ ᠤᠨ ᠲᠦᠷᠢᠮ︾ ᠤᠨ ᠬᠠᠮᠢᠶ᠎ᠠ ᠪᠥᠬᠦᠶ ᠠᠭᠤᠯᠭ᠎ᠠ ᠶᠢ ᠰᠣᠷᠣᠯᠴᠠᠪᠠ︔ ᠰᠤᠷᠭᠠᠭᠤᠯᠢ ᠶᠢᠨ ᠡᠳᠦᠷ ᠲᠤᠲᠤᠮ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠤᠮᠳᠠᠬᠢ ᠭᠤᠤᠯ ᠪᠣᠯᠬᠤ ᠵᠦᠢᠯᠡᠰ ᠤᠨ ᠲᠤᠬᠠᠶ ᠪᠣᠳᠠᠲᠠᠶ ᠲᠠᠶᠢᠯᠤᠮᠵᠢ ᠬᠢᠪᠡ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ