ᠬᠤᠷᠢᠨᠭᠡᠷ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠪᠥᠬᠦ ᠠᠷᠠᠳ ᠤᠨ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ︾ ᠶᠢᠨ ᠡᠬᠢᠯᠡᠯᠲᠡ ᠶᠢᠨ ᠶᠣᠰᠣᠯᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/9/1
      ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠪᠥᠬᠦ ᠠᠷᠠᠳ ᠤᠨ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠤᠨ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ ᠡᠷᠡᠭᠦᠯ ᠴᠢᠭᠢᠷᠠᠭ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠤᠯᠠᠮ ᠨᠢᠭᠡ ᠠᠯᠬᠤᠮ ᠤᠯᠠᠮᠵᠢᠯᠠᠨ ᠲᠦᠭᠡᠮᠡᠯᠵᠢᠭᠦᠯᠬᠦ ᠶᠢᠨ ᠲᠤᠰᠠᠳᠠ᠂ 8 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠵᠡᠷᠭᠡ ᠬᠠᠮᠢᠶ᠎ᠠ ᠪᠥᠬᠦᠶ ᠨᠢᠭᠡᠴᠡ ᠶᠢ ᠵᠣᠬᠢᠶᠠᠨ ᠪᠠᠶᠢᠭᠤᠯᠵᠤ ᠱᠧᠩ ᠯᠧ ᠲᠠᠯᠠᠪᠠᠶ ᠳᠤ ︽ᠪᠥᠬᠦ ᠠᠷᠠᠳ ᠤᠨ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ︾ ᠶᠢᠨ ᠡᠬᠢᠯᠡᠯᠲᠡ ᠶᠢᠨ ᠶᠣᠰᠣᠯᠠᠯ ᠢ ᠥᠷᠨᠢᠭᠦᠯᠪᠡ᠃
8.31和林格尔县卫健委组织开展1.jpg
      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠷᠡᠭᠦᠯ ᠴᠢᠭᠢᠷᠠᠭ ᠠᠮᠢᠳᠤᠷᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠦᠵᠡᠭᠦᠯᠭᠡ ᠶᠢᠨ ᠰᠠᠮᠪᠠᠷ᠎ᠠ ᠶᠢ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠠᠢ ᠶᠢᠨ ᠲᠠᠶᠢᠯᠤᠮᠵᠢ ᠬᠢᠬᠦ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠵᠤ᠂ ᠤᠯᠠᠨ ᠲᠦᠮᠡᠨ ᠳᠤ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ᠡᠷᠡᠭᠦᠯ ᠮᠡᠨᠳᠦ ᠶᠢᠨ ᠲᠤᠬᠠᠢ ᠮᠡᠳᠡᠯᠭᠡ ᠶᠢ ᠤᠬᠠᠭᠤᠯᠪᠠ᠃ ᠡᠭᠦᠨ ᠤ ᠵᠡᠷᠭᠡ ᠳᠤ ᠪᠠᠰᠠ ︽ᠪᠥᠬᠦ ᠠᠷᠠᠳ ᠤᠨ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ︾ ᠶᠢᠨ ᠪᠣᠳᠠᠲᠠᠶ ᠲᠣᠬᠢᠷᠠᠭᠤᠯᠤᠯᠲᠠ ᠶᠢ ᠨᠡᠶᠢᠲᠡᠯᠡᠪᠡ᠄ 9 ᠰᠠᠷ᠎ᠠ ᠶᠢᠨ ᠡᠬᠢ ᠪᠠᠷ ᠰᠤᠷᠭᠠᠭᠤᠯᠢ ᠡᠬᠢᠯᠡᠬᠦ ᠡᠳᠦᠷ ᠢᠶᠠᠷ ᠲᠣᠬᠢᠶᠠᠯ ᠪᠣᠯᠭᠠᠵᠤ᠂ ᠬᠡᠤᠬᠡᠳ ᠪᠠᠭᠠᠴᠤᠳ ᠲᠤ ᠠᠩᠬᠠᠷᠤᠯ ᠢᠶᠠᠨ ᠲᠥᠪᠯᠡᠷᠡᠭᠦᠯᠦᠨ᠂ ᠮᠠᠷᠢᠶᠠᠯᠠᠬᠤ ᠶᠢ ᠤᠷᠢᠳᠴᠢᠯᠠᠨ ᠰᠡᠷᠭᠡᠶᠢᠯᠡᠬᠦ ᠪᠠ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠤᠨ ᠰᠠᠨᠠᠭᠠᠴᠢᠯᠠᠭ᠎ᠠ ᠶᠢᠨ ᠤᠬᠠᠭᠤᠯᠭ᠎ᠠ ᠶᠢ ᠥᠷᠨᠢᠭᠦᠯᠦᠨ᠎ᠡ︔ 9 ᠰᠠᠷ᠎ᠠ ᠶᠢᠨ ᠳᠤᠮᠳᠠᠴᠢ ᠪᠠᠷ ︽9 · 15︾ ᠤ ᠳᠤᠮᠳᠠᠳᠤ ᠤᠯᠤᠰ ᠤᠨ ᠳᠠᠪᠤᠰᠤ ᠪᠠᠭᠠᠰᠬᠠᠬᠤ ᠭᠠᠷᠠᠭ ᠤᠨ ᠭᠤᠤᠯ ᠰᠡᠳᠦᠪᠲᠦ ᠤᠬᠠᠭᠤᠯᠭ᠎ᠠ ᠶᠢ ᠭᠤᠤᠯᠳᠠᠯᠭ᠎ᠠ ᠲᠠᠢ ᠥᠷᠨᠢᠭᠦᠯᠦᠨ᠎ᠡ︔ 9 ᠰᠠᠷ᠎ᠠ ᠶᠢᠨ ᠰᠡᠭᠦᠯᠴᠢ ᠪᠠᠷ ᠪᠦᠬᠦ ᠤᠯᠤᠰ ᠤᠨ ᠰᠢᠳᠦ ᠬᠠᠶᠢᠷᠠᠯᠠᠬᠤ ᠡᠳᠦᠷ ᠪᠠ ᠡᠷᠡᠭᠦᠯ ᠴᠢᠭᠢᠷᠠᠭ ᠠᠷᠤᠭ ᠶᠠᠰᠤᠨ ᠤ ᠲᠤᠬᠠᠶ ᠲᠤᠰᠬᠠᠶ ᠰᠡᠳᠦᠪᠲᠦ ᠤᠬᠠᠭᠤᠯᠭ᠎ᠠ ᠶᠢ ᠭᠤᠣᠯᠳᠠᠯᠭ᠎ᠠ ᠲᠠᠢ ᠥᠷᠨᠢᠭᠦᠯᠬᠦ ᠪᠣᠯᠣᠨ᠎ᠠ᠃
8.31和林格尔县卫健委组织开展2.jpg
      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠬᠥᠮᠦᠨ ᠨᠢᠭᠡᠪᠦᠷᠢ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠰᠠᠨᠠᠭᠠᠴᠢᠯᠠᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠦᠨ᠂ ᠪᠥᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠣᠯᠠᠨ ᠨᠡᠶᠢᠲᠡ ᠶᠢ ᠬᠥᠲᠥᠯᠥᠨ ᠵᠢᠯᠣᠭᠤᠳᠴᠤ ᠡᠷᠡᠭᠦᠯ ᠴᠢᠭᠢᠷᠠᠭ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ ᠶᠤᠮ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ