ᠬᠤᠷᠢᠨᠭᠡᠷ ᠰᠢᠶᠠᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/1
8.31和林格尔县召开妇联工作调度会议.jpg
       8 ᠰᠠᠷ᠎ᠠ ᠶᠢᠨ 30 ᠤ ᠡᠳᠦᠷ᠂ ᠬᠤᠷᠢᠨᠭᠡᠷ ᠰᠢᠶᠠᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠣ ᠬᠤᠷᠠᠯ ᠤᠨ ᠣᠶᠢᠷ᠎ᠠ ᠳᠤ ᠬᠤᠷᠠᠯᠳᠤᠭᠤᠯᠤᠭᠰᠠᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠡᠮᠡᠭᠲᠡᠶᠢᠴᠦᠳ ᠤᠨ ᠬᠡᠷ︾ ᠤᠨ ᠪᠥᠲᠥᠭᠡᠨ ᠪᠠᠶᠢᠭᠤᠯᠤᠯᠲᠠ ᠶᠢᠨ ᠠᠵᠢᠯ ᠵᠢᠴᠢ ᠲᠠᠷᠠᠭᠠᠴᠢ ᠶᠢᠨ ᠱᠠᠲᠤᠨ ᠤ ᠪᠥᠬᠦ ᠰᠢᠶᠠᠨ ᠤ ᠡᠮᠡᠭᠲᠡᠶᠢᠴᠦᠳ ᠤᠨ ᠬᠤᠯᠪᠣᠭᠠᠲᠣ ᠬᠤᠷᠠᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠣ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠦᠨᠡᠨᠬᠦ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠠᠳᠠᠯ ᠦᠢᠯᠡᠰ ᠴᠣᠭᠴᠠᠯᠠᠬᠤ ᠪᠠ ᠬᠥᠭᠵᠢᠭᠦᠯᠬᠦ᠂ ᠭᠡᠷ ᠪᠦᠯᠢ ᠶᠢᠨ ᠬᠥᠮᠦᠵᠢᠯ᠂ ᠵᠠᠬᠢᠳᠠᠯ ᠰᠤᠷᠪᠤᠯᠵᠢᠯᠠᠭ᠎ᠠ ᠶᠢᠨ ᠡᠷᠬᠡ ᠪᠠᠨ ᠬᠠᠮᠠᠭᠠᠯᠠᠬᠤ᠂ ᠬᠠᠪᠰᠤᠷᠤᠨ ᠲᠡᠳᠬᠦᠵᠦ ᠬᠠᠯᠠᠮᠵᠢᠯᠠᠨ ᠬᠠᠶᠢᠷᠠᠯᠠᠬᠤ᠂ ᠰᠦᠯᠵᠢᠶᠡᠨ ᠤ ᠪᠠᠶᠢᠭᠤᠯᠤᠯᠲᠠ ᠵᠡᠷᠭᠡ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠣ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠡᠯ᠎ᠡ ᠰᠢᠶᠠᠩ ᠪᠠᠯᠭᠠᠰᠤ ᠶᠢᠨ ᠡᠮᠡᠭᠲᠡᠶᠢᠴᠦᠳ ᠤᠨ ᠬᠤᠯᠪᠣᠭᠠᠲᠣ ᠬᠤᠷᠠᠯ ᠤᠨ ᠤᠯᠠᠨ ᠲᠦᠮᠡᠨ ᠳᠤ ᠦᠢᠯᠡᠴᠢᠯᠡᠬᠦ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠦᠨᠡᠨᠬᠦ ᠡᠮᠡᠭᠲᠡᠶᠢᠴᠦᠳ ᠬᠡᠦᠬᠡᠳ ᠤᠨ ︽ᠰᠡᠳᠬᠢᠯ ᠤᠨ ᠬᠥᠮᠦᠨ︾ ︽ᠲᠥᠷᠬᠦᠮ ᠤᠨ ᠬᠥᠮᠦᠨ︾ ᠪᠤᠯᠵᠤ᠂ ᠬᠠᠷᠢᠶᠠᠲᠤ ᠣᠷᠣᠨ ᠤ ᠡᠮᠡᠭᠲᠡᠶᠢᠴᠦᠳ ᠬᠡᠦᠬᠡᠳ ᠤᠨ ᠵᠣᠯ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠠ᠃      ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠣ ᠬᠤᠷᠠᠯ ᠤᠨ ᠪᠦᠬᠦ ᠺᠠᠳ᠋ᠷ ᠠᠵᠢᠯᠳᠠᠨ ᠠᠵᠢᠯᠴᠢᠨ ᠵᠢᠴᠢ ᠡᠯ᠎ᠡ ᠰᠢᠶᠠᠩ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠣ ᠬᠤᠷᠠᠯ ᠤᠨ ᠲᠡᠷᠢᠭᠦᠯᠡᠭᠴᠢ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ