ᠬᠤᠷᠢᠨᠭᠡᠷ ᠰᠢᠶᠠᠨ ᠲᠠᠷᠢᠶᠠᠯᠠᠩ ᠤᠢ ᠰᠢᠭᠤᠢ ᠶᠢᠨ ᠬᠠᠶᠠᠭᠳᠠᠮᠠᠯ ᠪᠣᠳᠠᠰ ᠤᠨ ᠡᠨᠧᠷᠭᠢ ᠶᠢ ᠬᠤᠪᠢᠷᠠᠭᠤᠯᠬᠤ ᠪᠠ ᠠᠮᠢ ᠠᠬᠤᠢ ᠶᠢᠨ ᠣᠷᠴᠢᠯ ᠲᠠᠷᠢᠶᠠᠯᠠᠩ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠲᠦᠷᠦᠯ ᠵᠦᠢᠯ ᠢ ᠵᠣᠬᠢᠴᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/1
9.1和林县召开农林废弃物能源转化与生态循环农业综合利用示范项目协调会.jpg
      8 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠲᠠᠷᠢᠶᠠᠯᠠᠩ ᠣᠶ ᠰᠢᠭᠤᠶ ᠶᠢᠨ ᠬᠠᠶᠠᠭᠳᠠᠮᠠᠯ ᠪᠣᠳᠠᠰ ᠤᠨ ᠡᠨᠧᠷᠭᠢ ᠶᠢ ᠬᠤᠪᠢᠷᠠᠭᠤᠯᠬᠤ ᠪᠠ ᠠᠮᠢ ᠠᠬᠤᠶ ᠶᠢᠨ ᠣᠷᠴᠢᠯ ᠲᠠᠷᠢᠶᠠᠯᠠᠩ ᠤᠨ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠲᠦᠷᠥᠯ ᠵᠦᠢᠯ ᠤᠨ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠬᠥᠬᠡᠬᠤᠲᠠ ᠶᠢᠨ ᠰᠠᠢ ᠸᠠᠶ ᠲᠤᠤ ᠶᠤᠸᠠᠨ ᠠᠮᠢ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠠᠮᠲᠤᠷᠠᠯᠴᠠᠭ᠎ᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠬᠤᠸᠠ ᠱᠧᠩ ᡁᠢ ᠴᠢᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠠᠮᠢᠳᠤ ᠪᠣᠳᠠᠰ ᠤᠨ ᠮᠠᠰ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠦᠨᠳᠦᠰᠦᠨ ᠪᠠᠶᠢᠳᠠᠯ ᠢ ᠰᠣᠨᠣᠰᠴᠠᠢ᠃ ᠬᠤᠷᠠᠯ ᠳᠤ ᠣᠷᠣᠯᠴᠠᠭᠰᠠᠳ ᠠᠵᠤ ᠦᠢᠯᠡᠰ ᠤᠨ ᠲᠦᠭᠦᠬᠡᠶ ᠮᠠᠲ᠋ᠧᠷᠢᠶᠠᠯ᠂ ᠬᠥᠭᠵᠢᠯᠲᠡ ᠶᠢᠨ ᠢᠷᠡᠭᠡᠳᠦᠶ᠂ ᠲᠥᠯᠥᠪᠵᠢᠭᠦᠯᠭᠡ ᠵᠢᠷᠤᠭ ᠲᠥᠯᠥᠪᠯᠡᠭᠡ ᠵᠡᠷᠭᠡ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠪᠠ᠃      ᠬᠤᠷᠠᠯ ᠠᠴᠠ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠡᠷᠭᠢᠯᠳᠦᠭᠦᠯᠦᠨ ᠠᠰᠢᠭᠯᠠᠬᠤ ᠲᠦᠷᠦᠯ ᠵᠦᠢᠯ ᠨᠢ ᠠᠮᠢᠳᠤ ᠪᠣᠳᠠᠰ ᠤᠨ ᠪᠣᠳᠠᠰ ᠤᠨ ᠲᠦᠷᠦᠯ ᠵᠦᠢᠯ ᠪᠣᠯᠤᠭᠰᠠᠨ ᠤ ᠬᠤᠪᠢ ᠳᠤ᠂ ᠬᠠᠷᠭᠠᠨ᠎ᠠ ᠶᠢ ᠶᠡᠷᠦᠩᠬᠡᠶᠢᠯᠡᠨ ᠠᠰᠢᠭᠯᠠᠬᠤ ᠶᠢ ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠢᠨ ᠲᠦᠷᠦᠯ ᠵᠦᠢᠯ ᠤᠨ ᠲᠠᠯ᠎ᠠ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠶᠢᠨ ᠦᠢᠯᠡᠴᠢᠯᠡᠭᠡ ᠪᠠᠨ ᠴᠢᠩᠭᠠᠳᠬᠠᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ᠲᠦᠷᠦᠯ ᠵᠦᠢᠯ ᠤᠨ ᠲᠠᠯ᠎ᠠ ᠶᠢᠨ ᠬᠢᠨ ᠡᠯ᠎ᠡ ᠲᠠᠯ᠎ᠠ ᠶᠢᠨ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠭᠦᠢᠴᠡᠳ ᠰᠢᠩᠭᠡᠭᠡᠨ ᠠᠪᠴᠤ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠᠨ ᠴᠢᠩᠭᠠᠳᠬᠠᠵᠤ᠂ ᠲᠦᠷᠦᠯ ᠵᠦᠢᠯ ᠤᠨ ᠲᠥᠰᠦᠯ᠂ ᠬᠠᠮᠲᠤᠷᠠᠯᠴᠠᠭᠠᠨ ᠤ ᠵᠠᠭᠪᠤᠷ ᠢ ᠤᠯᠠᠮ ᠴᠢᠨᠠᠭᠰᠢᠳᠠ ᠨᠠᠷᠢᠯᠢᠬᠵᠢᠭᠤᠯᠵᠤ᠂ ᠠᠮᠢ ᠠᠬᠤᠢ ᠶᠢᠨ ᠦᠷ᠎ᠡ ᠠᠰᠢᠭ ᠠᠵᠤ ᠠᠬᠤᠢ ᠶᠢᠨ ᠦᠷ᠎ᠡ ᠠᠰᠢᠭ ᠨᠡᠶᠢᠭᠡᠮ ᠤᠨ ᠦᠷ᠎ᠡ ᠠᠰᠢᠭ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠵᠢᠭᠠᠵᠤ ᠭᠠᠷᠭᠠᠪᠠ᠃      ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ