ᠬᠤᠷᠢᠨᠭᠡᠷ ᠰᠢᠶᠠᠨ ᠢᠳᠡᠭᠡᠨ ᠤ ᠠᠮᠤᠷ ᠲᠦᠪᠰᠢᠨ ᠵᠢᠴᠢ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/9/13
9.13和林格尔县开展食品安全及安全生产监管工作检查.jpg
      ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠵᠢᠴᠢ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ ᠲᠦᠷᠦᠯ ᠤᠨ ᠢᠳᠡᠭᠡᠨ ᠤ ᠠᠮᠤᠷ ᠲᠦᠪᠰᠢᠨ ᠵᠢᠴᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠪᠦᠬᠦ ᠰᠢᠶᠠᠨ ᠤ ᠠᠷᠠᠳ ᠲᠦᠮᠡᠨ ᠤ ᠪᠠᠶᠠᠷ ᠪᠠᠶᠠᠰᠬᠤᠯᠠᠩ ᠲᠠᠢ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠥᠩᠭᠡᠷᠡᠭᠦᠯᠬᠦ ᠶᠢ ᠪᠠᠲᠤᠯᠠᠬᠤ ᠶᠢᠨ ᠲᠤᠰᠠᠳᠠ᠂ 9 ᠰᠠᠷ᠎ᠠ ᠶᠢᠨ 10 ᠤ ᠡᠳᠦᠷ᠂ ᠰᠢᠶᠠᠨ ᠤ ᠳᠡᠳ᠋ ᠳᠠᠷᠤᠭ᠎ᠠ ᠪᠠᠢ ᠬᠤᠤ ᠪᠦᠯᠬᠦᠮ ᠳᠠᠭᠠᠭᠤᠯᠵᠤ᠂ ᠬᠠᠷᠢᠶ᠎ᠠ ᠣᠷᠣᠨ ᠤ ᠪᠠᠨ ᠬᠡᠪᠴᠢᠶᠡᠨ ᠳᠤ ᠪᠠᠶᠠᠷ ᠤᠨ ᠡᠳᠦᠷ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠵᠢᠴᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠡᠢ᠃      ᠪᠠᠶᠢᠴᠠᠭᠠᠬᠤ ᠳᠤᠭᠤᠶᠢᠯᠠᠩ ᠤᠨ ᠬᠢᠨ ᠯᠢ ᠶᠤᠸᠠᠨ ᠬᠤᠳᠠᠯᠳᠤᠭᠠᠨ ᠤ ᠲᠠᠯᠠᠪᠤᠷ ᠤᠨ ᠵᠧ ᠵᠢᠶᠠ ᠳ᠋ᠦ᠋ ᠬᠡᠳᠦ ᠳᠡᠯᠭᠡᠭᠦᠷ ᠲᠤ ᠭᠦᠨᠵᠡᠭᠡᠶᠢᠷᠡᠨ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠲᠣᠰ ᠤᠳᠠᠭᠠᠨ ᠤ ᠪᠠᠶᠢᠴᠠᠭᠠᠯᠲᠠ ᠳᠤ ᠶᠧᠪᠡᠩ᠂ ᠠᠷᠢᠬᠢᠨ ᠤ ᠵᠦᠢᠯ᠂ ᠢᠳᠡᠰᠢᠨ ᠨᠣᠭᠤᠭ᠎ᠠ ᠵᠢᠮᠢᠰ ᠵᠡᠷᠭᠡ ᠪᠣᠷᠣᠯᠠᠭᠤᠯᠭ᠎ᠠ ᠰᠠᠶᠢᠲᠠᠶ ᠢᠳᠡᠭᠡᠨ ᠢᠶᠠᠷ ᠭᠤᠤᠯᠳᠠᠯᠭ᠎ᠠ ᠪᠣᠯᠭᠠᠵᠤ᠂ ᠴᠠᠭ ᠤᠯᠠᠷᠢᠯ ᠤᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ᠂ ᠪᠠᠶᠠᠷ ᠤᠨ ᠡᠳᠦᠷ ᠤᠨ ᠬᠡᠷᠡᠭᠯᠡᠭᠡᠨ ᠤ ᠴᠤᠭᠯᠠᠷᠠᠯ ᠤᠨ ᠠᠵᠢᠯᠯᠠᠭᠠᠨ ᠤ ᠲᠠᠯᠠᠪᠤᠷ ᠲᠤ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠯᠲᠠ ᠥᠷᠨᠢᠭᠦᠯᠵᠦ᠂ ᠡᠭᠦᠨ ᠢᠶᠠᠷ ᠳᠠᠮᠵᠢᠭᠤᠯᠤᠨ ᠬᠡᠲᠦ ᠳᠡᠯᠭᠡᠭᠦᠷ ᠵᠡᠷᠭᠡ ᠢᠳᠡᠭᠡᠨ ᠤ ᠡᠵᠡᠩᠨᠡᠭᠴᠢ ᠵᠢᠴᠢ ᠶᠧᠪᠡᠩ ᠦᠢᠯᠡᠳᠪᠦᠷᠢᠯᠡᠬᠦ ᠠᠵᠤ ᠠᠬᠤᠶᠢᠯᠠᠯ ᠤᠨ ᠥᠪᠡᠷ ᠢᠶᠠᠨ ᠦᠢᠯᠡᠳᠪᠦᠷᠢᠯᠡᠭᠰᠡᠨ ᠶᠧᠪᠡᠩ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠪᠠ᠃      ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠥᠪᠥᠷ ᠮᠣᠩᠭᠤᠯ ᠤᠨ ᠬᠤᠲᠠ ᠶᠢᠨ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠭᠤᠯᠠᠨ ᠬᠡᠷ ᠲᠤ ᠭᠦᠨᠵᠡᠭᠡᠶᠢᠷᠡᠨ ᠪᠠᠶᠢᠴᠠᠭᠠᠯᠲᠠ ᠬᠢᠵᠦ᠂ ᠬᠤᠭᠤᠯᠠᠨ ᠬᠡᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠪᠠᠷᠢᠮᠵᠢᠶ᠎ᠠ ᠳᠤ ᠬᠦᠷᠦᠭᠰᠡᠨ ᠡᠰᠡᠬᠦ ᠂ ᠬᠤᠭᠤᠯᠠᠨ ᠤ ᠰᠠᠪᠠ ᠬᠡᠷᠡᠭᠰᠡᠯ ᠢ ᠪᠠᠷᠢᠮᠵᠢᠶ᠎ᠠ ᠪᠠᠷ ᠠᠷᠢᠭᠤᠳᠬᠠᠭᠰᠠᠨ ᠡᠰᠡᠬᠦ᠂ ᠲᠦᠭᠦᠬᠡᠶ ᠮᠠᠲ᠋ᠧᠷᠢᠶᠠᠯ ᠣᠷᠣᠭᠤᠯᠬᠤ ᠭᠠᠷ ᠭᠦᠢᠴᠡᠳᠬᠡᠯ ᠪᠦᠷᠢᠨ ᠪᠠᠶᠢᠬᠤ ᠡᠰᠡᠬᠦ ᠵᠢᠴᠢ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠭᠡᠷᠡᠴᠢ ᠪᠠᠶᠢᠬᠤ ᠡᠰᠡᠬᠦ ᠵᠡᠷᠭᠡ ᠵᠦᠢᠯᠡᠰ ᠢ ᠭᠤᠤᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ᠂ ᠰᠤᠷᠭᠠᠭᠤᠯᠢ ᠶᠢᠨ ᠬᠤᠭᠤᠯᠠᠨ ᠬᠡᠷ ᠢ ᠴᠠᠭ ᠲᠤᠬᠠᠶ ᠳᠤᠨᠢ ᠠᠷᠢᠭᠤᠨ ᠴᠡᠪᠡᠷ᠂ ᠠᠷᠢᠭᠤᠳᠬᠠᠯ ᠬᠢᠬᠦ ᠶᠢ ᠰᠢᠮᠳᠠᠭᠤᠯᠵᠤ᠂ ᠪᠠᠷᠠᠭ᠎ᠠ ᠣᠷᠣᠭᠤᠯᠬᠤ ᠡᠬᠡ ᠲᠠᠩᠰᠠ ᠶᠢ ᠲᠡᠭᠦᠯᠳᠡᠷᠵᠢᠭᠦᠯᠵᠦ᠂ ᠠᠵᠢᠯ ᠡᠷᠭᠢᠯᠡᠭᠰᠡᠳ ᠤᠨ ᠢᠳᠡᠭᠡᠨ ᠤ ᠠᠮᠤᠷ ᠲᠦᠪᠰᠢᠨ ᠤ ᠪᠣᠯᠪᠠᠰᠤᠷᠠᠭᠤᠯᠤᠯ ᠪᠠ ᠬᠠᠮᠢᠶᠠᠷᠤᠯᠲᠠ ᠶᠢ ᠴᠢᠩᠭᠠᠳᠬᠠᠨ᠂ ᠰᠤᠷᠭᠠᠭᠤᠯᠢ ᠶᠢ ᠱᠠᠭᠠᠷᠳᠠᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠵᠠᠩᠭᠢᠯᠠᠭ᠎ᠠ ᠶᠢᠨ ᠭᠤᠭᠴᠤᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠲᠦᠭᠰᠢᠭᠦᠷᠢ ᠶᠢᠨ ᠪᠠᠶᠢᠴᠠᠭᠠᠯᠲᠠ ᠬᠢᠯᠭᠡᠵᠦ᠂ ᠰᠤᠷᠭᠠᠭᠤᠯᠢ ᠶᠢᠨ ᠳᠣᠲᠣᠷᠠᠬᠢ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ ᠭᠡᠵᠡᠢ᠃     ᠰᠢᠶᠠᠨ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠲᠣᠰ ᠤᠳᠠᠭᠠᠨ ᠤ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ