9 ᠰᠠᠷ᠎ᠠ ᠶᠢᠨ 9 ᠤ ᠡᠳᠦᠷ᠂ ᠬᠤᠷᠢᠨᠭᠡᠷ ᠰᠢᠶᠠᠨ 2022 ᠣᠨ ᠤ ᠲᠥᠪ ᠪᠤᠰᠤ ᠥᠷᠢᠰᠥᠯᠳᠦᠭᠡᠨ ᠢ ᠡᠰᠡᠷᠭᠦᠴᠡᠬᠦ ᠵᠢᠴᠢ ᠭᠤᠤᠯᠴᠢ | ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠰᠢᠶᠠᠨ ᠤ ᠳᠡᠳ᠋ ᠳᠠᠷᠤᠭ᠎ᠠ ᠪᠠᠢ | ᠬᠤᠤ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠦ ᠶᠢᠨ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠱᠧᠩ ᠯᠧ ᠬᠤᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ᠂ ᠬᠠᠮᠢᠶ᠎ᠠ | ᠪᠦᠬᠦ ᠬᠡᠯᠲᠡᠰ ᠵᠥᠪᠯᠡᠯ ᠠᠯᠪᠠᠨ ᠭᠡᠷ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠷᠠᠯ ᠠᠴᠠ᠂ ᠮᠠᠨ ᠤ ᠰᠢᠶᠠᠨ ᠨᠢᠭᠡᠨᠲᠡ ᠡᠷᠬᠡ ᠲᠡᠭᠰᠢ ᠪᠠᠷ ᠦᠷᠢᠰᠦᠯᠳᠦᠬᠦ ᠶᠢ ᠬᠢᠨᠠᠨ ᠪᠠᠶᠢᠴᠠᠭᠠᠬᠤ ᠬᠠᠮᠢᠶ᠎ᠠ ᠪᠦᠬᠦᠢ ᠳᠦᠷᠢᠮ ᠢ ᠪᠠᠶᠢᠭᠤᠯᠤᠨ | ᠲᠡᠭᠦᠯᠳᠡᠷᠵᠢᠭᠦᠯᠪᠡ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠷᠤᠯᠴᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠬᠡᠷᠡᠭᠲᠡᠢ᠃ ᠡᠭᠦᠨ ᠤ ᠵᠡᠷᠭᠡᠴᠡᠭᠡᠪᠡᠷ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠠᠮᠵᠢᠯᠴᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ | ᠂ ᠵᠠᠩᠭᠢᠯᠠᠭ᠎ᠠ ᠶᠢᠨ ᠭᠤᠭᠴᠤᠭ᠎ᠠ ᠳᠠᠬᠢ ᠲᠥᠪ ᠪᠤᠰᠤ ᠥᠷᠢᠰᠥᠯᠳᠦᠭᠡᠨ ᠢ ᠡᠰᠡᠷᠭᠦᠴᠡᠬᠦ ᠬᠤᠯᠪᠣᠭᠳᠠᠯ ᠪᠦᠬᠦᠢ ᠰᠦᠪᠡᠭᠴᠢ ᠶᠢ ᠬᠢᠨᠠᠨ ᠪᠠᠶᠢᠴᠠᠭᠠᠬᠤ ᠪᠠ | ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢ ᠴᠢᠩᠭᠠᠳᠬᠠᠵᠤ᠂ ︽ᠭᠠᠭᠴᠠᠭᠠᠷ | ᠡᠵᠡᠮᠰᠢᠯ ᠢ ᠡᠰᠡᠷᠭᠦᠴᠡᠬᠦ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠶ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠡᠷᠬᠡ ᠲᠡᠭᠰᠢ ᠪᠠᠷ ᠦᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠪᠣᠯᠤᠨ᠎ᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠡᠷᠬᠡ ᠲᠡᠭᠰᠢ ᠪᠠᠷ ᠦᠷᠢᠰᠦᠯᠳᠦᠬᠦ ᠶᠢ ᠬᠢᠨᠠᠨ ᠪᠠᠶᠢᠴᠠᠭᠠᠬᠤ | ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠬᠡᠨ ᠲᠣᠭᠲᠠᠭᠠᠪᠠᠯ ᠬᠡᠨ ᠬᠢᠨᠠᠨ ᠪᠠᠶᠢᠴᠠᠭᠠᠬᠤ︾ ᠵᠠᠷᠴᠢᠮ ᠢ ᠴᠢᠩᠭ᠎ᠠ ᠵᠢᠷᠤᠮᠯᠠᠨ᠂ ᠡᠷᠬᠡ ᠲᠡᠭᠰᠢ ᠪᠠᠷ | ᠦᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠬᠤ᠂ ᠨᠡᠶᠢᠲᠡᠯᠡᠬᠦ ᠪᠦᠬᠦ ᠶᠠᠪᠤᠴᠠ ᠳᠤ | ᠲᠤᠭᠤᠰᠢᠯᠠᠭᠤᠯᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠬᠠᠮᠲᠤᠷᠠᠭᠰᠠᠨ ᠬᠤᠷᠠᠯ ᠪᠠ ᠳᠣᠲᠣᠭᠠᠳᠤ ᠶᠢᠨ ᠬᠢᠨᠠᠨ ᠪᠠᠶᠢᠴᠠᠭᠠᠬᠤ ᠲᠣᠭᠲᠠᠴᠠ ᠶᠢ ᠲᠠᠰᠤᠷᠠᠯᠲᠠ | ᠥᠬᠡᠶ ᠳᠣᠭᠢᠷᠠᠭᠤᠯᠤᠨ ᠲᠡᠭᠦᠯᠳᠡᠷᠵᠢᠭᠦᠯᠵᠦ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠬᠢᠨᠠᠨ ᠪᠠᠶᠢᠴᠠᠭᠠᠬᠤ ᠶᠠᠰᠤ | ᠴᠢᠨᠠᠷ ᠢ ᠳᠡᠭᠡᠭᠰᠢᠯᠡᠭᠦᠯᠵᠦ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠤᠨ ᠭᠦᠨᠵᠡᠭᠡᠶ ᠬᠡᠷᠡᠭᠵᠢᠭᠦᠯᠦᠭᠳᠡᠬᠦ ᠶᠢ ᠦᠨᠡᠨ ᠬᠦ ᠠᠬᠢᠭᠤᠯᠬᠤ | ᠪᠣᠯᠣᠨ᠎ᠠ᠃ | | | |