ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠦᠴᠦᠸᠠᠨ ᠰᠢᠶᠠᠨ ᠳᠤ ᠲᠠᠷᠢᠶᠠᠯᠠᠩ ᠤᠨ ᠠᠵᠤ ᠦᠢᠯᠡᠰ ᠤᠨ ᠬᠦᠴᠦᠷᠭᠡᠭ ᠪᠠᠯᠭᠠᠰᠤ ᠶᠢᠨ 300 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2022/9/13
      ︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠬᠠᠨ ᠮᠢᠨ︶ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ  ᠠᠴᠠ ᠦᠴᠦᠸᠠᠨ ᠰᠢᠶᠠᠨ ᠳᠤ 2022 ᠣᠨ ᠤ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠠᠩᠬᠠᠨ ᠤ ᠪᠦᠯᠦᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ 300 ᠲᠦᠮᠡᠨ ᠲᠥᠭᠦᠷᠢᠭ ᠢ ᠪᠠᠭᠤᠯᠭᠠᠪᠠ᠃      ᠣᠶᠢᠯᠠᠭᠠᠭᠰᠠᠨ ᠢᠶᠠᠷ᠂ ᠦᠴᠦᠸᠠᠨ ᠰᠢᠶᠠᠨ ᠤ ᠳᠡᠭᠡᠷ᠎ᠡ ᠲᠣᠬᠤᠢ ᠰᠢᠶᠠᠩ 2022 ᠣᠨ ᠤ ᠤᠯᠤᠰ ᠤᠨ ᠲᠠᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠡᠭᠦᠳᠦᠨ ᠪᠠᠶᠢᠭᠤᠯᠬᠤ ᠨᠡᠷᠡᠰ ᠲᠤ  ᠣᠷᠤᠪᠠ᠂ ᠡᠨᠡ ᠪᠣᠯ ᠮᠠᠨ ᠤ ᠬᠤᠲᠠ ᠶᠢᠨ ᠴᠣᠷ ᠤᠨ ᠭᠠᠭᠴᠠ ᠡᠨᠡ ᠬᠦ ᠢᠷᠠᠭᠤ ᠠᠯᠳᠠᠷ ᠢ ᠭᠥᠷᠳᠡᠭᠰᠡᠨ ᠰᠢᠶᠠᠩ ᠪᠠᠯᠭᠠᠰᠤ ᠪᠣᠯᠣᠨ᠎ᠠ᠃ ᠡᠭᠦᠳᠦᠨ ᠪᠠᠶᠢᠭᠤᠯᠬᠤ ᠨᠡᠷᠡᠰ ᠲᠤ ᠣᠷᠤᠭᠰᠠᠨ ᠰᠢᠶᠠᠩ ᠪᠠᠯᠭᠠᠰᠤᠨ ᠳᠤ ᠲᠥᠪ ᠤᠨ ᠡᠳ᠋ ᠤᠨ ᠵᠠᠰᠠᠭ ᠠᠴᠠ 1000 ᠲᠦᠮᠡᠨ ᠲᠥᠭᠦᠷᠢᠭ ᠤᠨ ᠶᠡᠷᠦᠩᠬᠡᠢ ᠪᠡᠯᠡ ᠮᠥᠩᠭᠦ ᠶᠢᠨ ᠱᠠᠩᠨᠠᠯ ᠨᠥᠬᠦᠪᠦᠷᠢ ᠶᠢᠨ ᠳᠡᠮᠵᠢᠯᠭᠡ ᠦᠵᠡᠭᠦᠯᠦᠨ᠎ᠡ᠂ ᠪᠦᠲᠦᠭᠡᠨ ᠪᠠᠶᠢᠭᠤᠯᠬᠤ ᠶᠢ ᠵᠥᠪᠰᠢᠶᠡᠷᠡᠬᠦ ᠦᠶ᠎ᠡ ᠳᠤ 300 ᠲᠦᠮᠡᠨ ᠲᠥᠭᠦᠷᠢᠭ ᠤᠨ ᠨᠥᠬᠦᠪᠦᠷᠢ ᠥᠭᠴᠦ᠂ ᠨᠤᠲᠠᠯᠠᠨ  ᠲᠤᠭᠲᠠᠭᠠᠬᠤ ᠶᠢ ᠥᠩᠭᠡᠷᠡᠪᠡᠯ ᠲᠠᠬᠢᠭᠠᠳ 700 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠶᠢᠨ ᠮᠦᠩᠭᠦ ᠣᠯᠭᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂  ᠬᠡᠷᠡᠭᠵᠢᠬᠦᠯᠬᠦ ᠰᠢᠶᠠᠩ ᠪᠠᠯᠭᠠᠰᠤᠨ ᠤ ᠢᠳᠡᠪᠬᠢᠵᠢᠯ ᠢ ᠲᠠᠰᠤᠷᠠᠯᠲᠠ ᠦᠭᠡᠢ ᠳᠠᠶᠢᠴᠢᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠱᠠᠩᠨᠠᠯ ᠨᠦᠬᠦᠪᠦᠷᠢ ᠶᠢᠨ ᠪᠡᠯᠡ ᠮᠥᠩᠭᠦ ᠪᠠᠷ ᠭᠤᠣᠯᠳᠠᠭᠤ ᠣᠷᠣᠨ ᠨᠤᠲᠤᠭ ᠤᠨ ᠭᠤᠣᠯᠯᠠᠬᠤ ᠠᠵᠤ ᠦᠢᠯᠡᠰ ᠤᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ᠂ ᠪᠠᠭᠤᠷᠠᠢ ᠭᠤᠭᠴᠤᠭ᠎ᠠ ᠶᠢᠨ ᠬᠥᠭᠵᠢᠯᠲᠡ ᠶᠢ ᠳᠡᠮᠵᠢᠵᠦ᠂ ᠳᠠᠷᠢᠵᠤ ᠲᠡᠵᠢᠭᠡᠬᠦ ᠰᠠᠭᠤᠷᠢᠨ ᠭᠠᠵᠠᠷ᠂ ᠡᠳ᠋ᠰᠢᠭᠦᠯᠵᠦ ᠪᠣᠯᠪᠠᠰᠤᠷᠠᠭᠤᠯᠬᠤ ᠪᠠᠷᠠᠭᠠᠨ ᠤ ᠭᠦᠢᠯᠭᠡᠭᠡᠨ ᠵᠡᠷᠭᠡ ᠪᠡᠯᠡᠳᠬᠡᠮᠵᠢ ᠲᠣᠨᠤᠭ ᠲᠥᠬᠦᠭᠡᠷᠦᠮᠵᠢ ᠶᠢᠨ ᠬᠢᠷᠢ  ᠲᠦᠪᠰᠢᠨ ᠢ ᠳᠡᠭᠡᠭᠰᠢᠯᠡᠭᠦᠯᠦᠨ᠂ ᠭᠤᠣᠯ ᠪᠣᠯᠬᠤ ᠠᠵᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠵᠤ᠂ ᠭᠤᠣᠯᠯᠠᠬᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠲᠣᠮᠣ ᠪᠠᠶᠢᠭᠰᠠᠨ ᠢ ᠬᠦᠴᠦᠷᠬᠡᠭ ᠪᠣᠯᠭᠠᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ