ᠬᠤᠷᠢᠨᠭᠡᠷ ᠰᠢᠶᠠᠨ ᠰᠠᠯᠠᠭ᠎ᠠ ᠮᠥᠴᠢᠷ ᠠᠯᠤᠰᠯᠠᠭᠰᠠᠨ ︽ᠬᠤᠶᠠᠷ ᠢ ᠰᠣᠭᠤᠴᠢᠵᠣ ᠨᠢᠭᠡ ᠶᠢ ᠢᠯᠡ ᠪᠣᠯᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/14
9.14和林格尔县开展跨部门“双随机 一公开”执法检查活动.jpg
      ᠮᠠᠨ ᠤ ᠰᠢᠶᠠᠨ ᠤ ᠰᠣᠶᠣᠯ ᠴᠡᠩᠭᠡᠯ ᠤᠨ ᠲᠠᠯᠠᠪᠤᠷ ᠭᠠᠵᠠᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠳᠠᠭᠤᠤ ᠪᠥᠵᠢᠭ ᠵᠤᠭ᠎ᠠ ᠴᠡᠩᠭᠡᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠣᠶᠣᠯ ᠴᠡᠩᠭᠡᠯ ᠤᠨ ᠬᠡᠷᠡᠭᠯᠡᠭᠡᠨ ᠤ ᠣᠷᠴᠢᠨ ᠲᠣᠭᠤᠷᠢᠨ ᠢ ᠴᠡᠪᠡᠷᠰᠢᠭᠦᠯᠦᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠤᠰᠠᠳᠠ᠂ 9 ᠰᠠᠷ᠎ᠠ ᠶᠢᠨ 8 ᠤ ᠡᠳᠦᠷ᠂ ᠬᠤᠷᠢᠨᠭᠡᠷ ᠰᠢᠶᠠᠨ ᠤ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ︽ᠬᠤᠶᠠᠷ ᠢ ᠰᠣᠭᠤᠴᠢᠵᠣ ᠨᠢᠭᠡ ᠶᠢ ᠢᠯᠡ ᠪᠣᠯᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃      ᠪᠠᠶᠢᠴᠠᠭᠠᠬᠤ ᠶᠠᠪᠤᠴᠠ ᠳᠤ᠂ ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠰᠠᠯᠠᠭ᠎ᠠ ᠮᠥᠴᠢᠷ ᠬᠤᠯᠪᠣᠭᠠᠯᠠᠨ ︿ᠬᠤᠶᠠᠷ ᠢ ᠰᠣᠭᠤᠴᠢᠵᠣ ᠨᠢᠭᠡ ᠶᠢ ᠢᠯᠡ ᠪᠣᠯᠭᠠᠬᠤ﹀ ᠬᠢᠨᠠᠯᠲᠠ ᠲᠠᠯᠪᠢᠬᠤ ᠠᠵᠢᠯ ᠤᠨ ᠬᠠᠮᠢᠶᠠᠷᠤᠯᠲᠠ ᠶᠢᠨ ᠨᠠᠷᠢᠨ ᠳᠦᠷᠢᠮ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠴᠢᠳᠠᠪᠤᠷᠢ ᠪᠠᠨ ᠦᠨᠳᠦᠰᠦᠯᠡᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠮᠠᠨ ᠤ ᠰᠢᠶᠠᠨ ᠤ ᠵᠤᠭ᠎ᠠ ᠴᠡᠩᠭᠡᠯ ᠤᠨ ᠲᠠᠯᠠᠪᠤᠷ ᠤᠨ ᠦᠨᠡᠮᠯᠡᠯ ᠢ ᠡᠯᠭᠦᠬᠦ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠭᠠᠯ ᠰᠡᠷᠭᠡᠶᠢᠯᠡᠬᠦ ᠠᠮᠤᠷ ᠲᠦᠪᠰᠢᠨ᠂ ᠲᠠᠯᠠᠪᠤᠷ ᠤᠨ ᠳᠣᠲᠣᠭᠠᠳᠤ ᠳᠤ ᠲᠠᠮᠠᠬᠢ ᠲᠠᠲᠠᠬᠤ ᠶᠢ ᠬᠢᠵᠠᠭᠠᠷᠯᠠᠬᠤ᠂ ᠡᠷᠡᠭᠦᠯ ᠮᠡᠨᠳᠦ ᠶᠢᠨ ᠦᠨᠡᠮᠯᠡᠯ ᠢ ᠭᠦᠢᠴᠡᠳᠬᠡᠬᠦ᠂ ᠠᠶᠤᠯᠭᠦᠢ ᠦᠢᠯᠡᠳᠪᠦᠷᠢᠯᠡᠯ ᠤᠨ ᠭᠠᠷ ᠳᠡᠪᠲᠡᠷ ᠢ ᠲᠠᠭᠯᠠᠬᠤ᠂ ᠨᠠᠰᠤᠨ ᠳᠤ ᠦᠯᠦ ᠬᠦᠷᠦᠭᠰᠡᠳ ᠤᠨ ᠣᠷᠣᠵᠤ ᠭᠠᠷᠬᠤ ᠶᠢ ᠬᠦᠯᠢᠶᠡᠨ ᠠᠪᠬᠤ ᠡᠰᠡᠬᠦ ᠵᠡᠷᠭᠡ ᠡᠵᠡᠩᠨᠡᠯᠲᠡ ᠶᠢᠨ ᠪᠠᠶᠢᠳᠠᠯ ᠳᠤ ᠲᠤᠰ ᠲᠤᠰ ᠨᠠᠷᠢᠨ ᠪᠠᠶᠢᠴᠠᠭᠠᠯᠲᠠ ᠬᠢᠵᠡᠢ᠃ ᠪᠠᠶᠢᠴᠠᠭᠠᠯᠲᠠ ᠪᠠᠷ ᠳᠡᠮᠵᠢᠨ ᠣᠯᠵᠤ ᠮᠡᠳᠡᠭᠰᠡᠨ ᠨᠢ᠂ ᠬᠡᠰᠡᠭ ᠲᠠᠯᠠᠪᠤᠷ ᠭᠠᠵᠠᠷ ᠤᠨ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠭᠰᠠᠨ ᠥᠬᠡᠶ᠂ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠶ ᠶᠢᠨ ᠲᠠᠯᠠᠪᠤᠷ ᠲᠤᠨᠢ ᠴᠡᠭᠴᠡᠯᠡᠨ ᠥᠭᠡᠷᠡᠴᠢᠯᠡᠭᠦᠯᠬᠦ ᠪᠠᠷ ᠱᠠᠭᠠᠷᠳᠠᠵᠤ᠂ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠠᠴᠠ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠵᠡᠢ᠃ ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠡᠯ᠎ᠡ ᠲᠠᠯᠠᠪᠤᠷ ᠤᠨ ᠬᠠᠷᠢᠭᠤᠴᠠᠯᠭᠠᠲᠠᠨ ᠡᠭᠦᠷᠭᠡᠯᠡᠨ ᠠᠵᠢᠯᠯᠠᠵᠤ᠂ ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠵᠦ᠂ ᠡᠯ᠎ᠡ ᠵᠦᠢᠯ ᠤᠨ ᠰᠡᠷᠭᠡᠶᠢᠯᠡᠯᠲᠡ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠳᠠᠷᠠᠭᠠᠴᠢ ᠶᠢᠨ ᠠᠯᠬᠤᠮ ᠳᠤ᠂ ᠪᠠᠶᠢᠴᠠᠭᠠᠬᠤ ᠳᠤᠭᠤᠶᠢᠯᠠᠩ ᠤᠨ ᠡᠯ᠎ᠡ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠲᠤᠰ ᠤᠳᠠᠭ᠎ᠠ ᠶᠢᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠤᠷᠰᠢᠯᠭ᠎ᠠ ᠪᠣᠯᠤᠨ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠵᠦ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠪᠣᠯᠤᠨ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ︽ᠨᠢᠭᠡ ᠤᠳᠠᠭ᠎ᠠ ᠣᠷᠣᠵᠤ ᠤᠯᠠᠨ ᠵᠦᠢᠯ ᠤᠨ ᠤᠴᠢᠷ ᠶᠠᠪᠤᠳᠠᠯ ᠢ ᠪᠠᠶᠢᠴᠠᠭᠠᠬᠤ︾ ᠶᠢ ᠪᠡᠶᠡᠯᠡᠭᠦᠯᠵᠦ᠂ ︽ᠬᠤᠶᠠᠷ ᠢ ᠰᠣᠭᠤᠴᠢᠵᠣ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠬᠤ ᠠᠵᠢᠯ ᠢ ᠬᠠᠤᠯᠢ ᠶᠣᠰᠣᠭᠠᠷ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠵᠤ᠂ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠲᠣᠭᠲᠠᠭᠤᠨ ᠠᠮᠤᠷ ᠲᠦᠪᠰᠢᠨ ᠡᠮᠬᠢ ᠵᠢᠷᠤᠮ ᠲᠠᠢ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃ 
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ