ᠮᠠᠨ ᠤ ᠬᠤᠲᠠ 2021 ᠣᠨ ᠤ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠢᠶᠠᠨ ᠳᠠᠭᠤᠰᠬᠠᠪᠠ
ᠨᠡᠶᠢᠲᠡᠯᠡᠭᠰᠡᠨ ᠴᠠᠭ᠄
2022/9/14
      ︵ᠰᠤᠷᠪᠤᠯᠵᠢᠯᠠᠭᠴᠢ ᠰᠥᠩ ᠰᠢᠶᠠᠩ ᠬᠤᠸᠠ︶ ᠰᠤᠷᠪᠤᠯᠵᠢᠯᠠᠭᠴᠢ 9 ᠳ᠋ᠤᠭᠡᠷ ᠰᠠᠷ᠎ᠠ ᠶᠢᠨ 12 ᠤᠨ ᠡᠳᠦᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶᠢᠯᠠᠭᠠᠭᠰᠠᠨ  ᠢᠶᠠᠷ᠂ ᠬᠤᠯᠪᠣᠭᠳᠠᠯ ᠪᠦᠬᠦᠢ ᠮᠡᠷᠭᠡᠵᠢᠯ ᠤᠨ ᠠᠵᠢᠯᠲᠠᠨ ᠬᠢᠭᠡᠳ ᠠᠵᠢᠯ ᠤᠨ ᠨᠢᠭᠡᠴᠡ ᠬᠢᠵᠢᠭ ᠤᠨ ᠪᠠᠶᠢᠳᠠᠯ ᠵᠢᠴᠢ ᠴᠠᠭ ᠠᠭᠤᠷ ᠵᠡᠷᠭᠡ ᠠᠰᠢᠭ ᠦᠭᠡᠢ ᠬᠦᠴᠦᠨ ᠵᠦᠢᠯ ᠤᠨ ᠨᠥᠯᠥᠭᠡ ᠶᠢ ᠢᠯᠠᠨ ᠳᠠᠪᠠᠵᠤ᠂ ᠵᠢᠷᠭᠤᠭᠠᠨ ᠰᠠᠷ᠎ᠠ ᠶᠢᠨ ᠴᠠᠭ ᠢ ᠵᠠᠷᠤᠴᠠᠭᠤᠯᠵᠤ ᠪᠠᠶᠢᠭᠠᠳ ᠮᠠᠨ ᠤ ᠬᠤᠲᠠ ᠶᠢᠨ 2021 ᠣᠨ ᠤ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠢ ᠤᠷᠤᠭᠰᠢᠲᠠᠢ ᠪᠡᠶᠡᠯᠡᠭᠦᠯᠵᠡᠢ᠃      ᠣᠶᠢᠯᠠᠭᠠᠭᠰᠠᠨ ᠢᠶᠠᠷ᠂ ᠣᠨ ᠤ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠪᠣᠯ ᠭᠤᠷᠪᠠᠳᠤᠭᠠᠷ ᠤᠳᠠᠭᠠᠨ ᠤ ᠬᠥᠬᠡᠬᠤᠲᠠ ᠶᠢᠨ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠣᠳᠣᠬᠢ ᠪᠠᠶᠢᠳᠠᠯ ᠢ ᠪᠠᠲᠤᠯᠠᠬᠤ ᠴᠢᠬᠤᠯᠠ ᠰᠠᠭᠤᠷᠢ ᠴᠢᠨᠠᠷᠲᠠᠢ ᠠᠵᠢᠯ ᠪᠣᠯᠣᠨ᠎ᠠ᠃ ᠲᠣᠰ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠨᠢ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ ᠪᠥᠬᠦ ᠵᠢᠷᠤᠭ ᠳᠦᠷᠰᠦ ᠶᠢᠨ ᠬᠤᠪᠢᠷᠠᠯᠲᠠ᠂ ᠭᠠᠳᠠᠨᠠᠬᠢ ᠠᠵᠢᠯ ᠢ ᠪᠠᠶᠢᠴᠠᠭᠠᠵᠤ ᠭᠡᠷᠡᠴᠢ ᠭᠠᠷᠭᠠᠬᠤ ᠵᠢᠴᠢ ᠳᠤᠲᠤᠨᠠᠬᠢ ᠠᠵᠢᠯ ᠢ ᠬᠠᠷᠭᠤᠭᠤᠯᠤᠨ ᠪᠠᠶᠢᠴᠠᠭᠠᠬᠤ ᠳᠤ ᠬᠤᠯᠪᠣᠭᠳᠠᠵᠤ᠂ ᠪᠠᠶᠢᠴᠠᠭᠠᠯᠲᠠ ᠶᠢᠨ ᠦᠷ᠎ᠡ ᠪᠦᠲᠦᠭᠡᠯ ᠨᠢ ᠮᠠᠨ ᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠠᠶᠢᠳᠠᠪᠤᠷᠢᠲᠠᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠪᠣᠯᠣᠨ᠎ᠠ᠃ ᠣᠳᠣᠬᠠᠨ ᠳᠤ᠂ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠢᠭᠡᠨᠲᠡ ᠳᠡᠭᠡᠭᠰᠢ ᠪᠠᠨ ᠤᠯᠤᠰ ᠲᠤ ᠮᠡᠳᠡᠭᠦᠯᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ