ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ 7 ᠳ᠋ᠤᠭᠠᠷ ᠤᠳᠠᠭ᠎ᠠ ᠶᠢᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/14
ᠡᠾᠧ ᠬᠠᠢ ᠳ᠋ᠦᠩ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ      ︵ᠰᠤᠷᠪᠤᠯᠵᠢᠯᠠᠭᠴᠢ ᠠᠷᠢᠭᠤᠨ᠎ᠠ︶ 9 ᠳ᠋ᠤᠭᠡᠷ ᠰᠠᠷ᠎ᠠ ᠶᠢᠨ 13 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ 7 ᠳ᠋ᠤᠭᠠᠷ ᠤᠳᠠᠭ᠎ᠠ ᠶᠢᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ ᠂ ᠣᠶᠢᠷ᠎ᠠ ᠶᠢᠨ ᠬᠤᠭᠤᠴᠠᠭᠠᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠬᠤᠷᠠᠯ᠂ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠂ ᠣᠷᠣᠨ ᠤ ᠲᠥᠪ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠯ᠎ᠡ ᠵᠦᠢᠯ ᠤᠨ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠲᠠ  ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ  ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ ᠬᠠᠢ ᠳ᠋ᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠵᠢᠭᠠᠭᠰᠠᠨ ᠨᠢ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠬᠤ ᠶᠠᠪᠤᠳᠠᠯ ᠪᠣᠯ ᠤᠯᠤᠰ ᠣᠷᠣᠨ ᠤ ᠠᠮᠤᠷ ᠲᠦᠪᠰᠢᠨ ᠪᠠ ᠲᠣᠭᠲᠠᠭᠤᠨ ᠳᠤ ᠬᠤᠯᠪᠣᠭᠳᠠᠬᠤ ᠬᠠᠮᠤᠭ ᠤᠨ ᠴᠢᠬᠤᠯᠠ᠂ ᠬᠠᠮᠤᠭ ᠤᠨ ᠰᠠᠭᠤᠷᠢ ᠪᠣᠯᠬᠤ ᠠᠵᠢᠯ ᠤᠨ ᠨᠢᠭᠡ ᠮᠥᠨ᠃ ᠲᠥᠪ ᠬᠤᠷᠢᠶ᠎ᠠ ᠠᠴᠠ ᠡᠨᠡ ᠬᠦ ᠠᠵᠢᠯ ᠢ ᠲᠤᠶᠢᠯ ᠢᠶᠠᠷ ᠴᠢᠬᠤᠯᠠᠴᠢᠯᠠᠭᠰᠠᠭᠠᠷ ᠢᠷᠡᠭᠰᠡᠨ ᠶᠤᠮ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠥᠪᠡᠷ ᠤᠨ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ᠢᠶᠠᠷ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠬᠤ ᠠᠵᠢᠯ ᠢ ᠪᠦᠬᠦ ᠲᠠᠯ᠎ᠠ ᠳᠤ ᠬᠤᠯᠪᠣᠭᠳᠠᠬᠤ᠂ ᠠᠯᠤᠰ ᠬᠡᠳᠦ ᠶᠢᠨ ᠶᠡᠭᠡ ᠲᠠᠯ᠎ᠠ ᠳᠤ ᠬᠤᠯᠪᠣᠭᠳᠠᠬᠤ  ᠥᠨᠳᠦᠷᠴᠡ ᠳᠤ ᠲᠠᠯᠪᠢᠭᠰᠠᠨ ᠪᠠᠶᠢᠨ᠎ᠠ᠃ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠢᠩᠭ᠎ᠠ ᠠᠳᠬᠤᠬᠤ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠭᠦᠨ ᠰᠤᠷᠤᠯᠴᠠᠯᠭ᠎ᠠ ᠶᠢ ᠰᠠᠶᠢᠲᠤᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠨᠤᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠡᠦᠬᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠤᠯᠢ ᠲᠣᠭᠲᠠᠭᠠᠯ ᠵᠡᠷᠭᠡ ᠲᠠᠯ᠎ᠠ ᠪᠠᠷ ᠪᠦᠬᠦ ᠲᠠᠯ᠎ᠠ ᠪᠠᠷ ᠰᠤᠷᠤᠯᠴᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠠᠶᠢᠲᠤᠷ ᠠᠳᠬᠤᠬᠤ ᠬᠡᠷᠡᠭᠲᠡᠢ᠂ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠲᠥᠪ ᠬᠤᠳᠠ ᠪᠣᠯᠤᠭᠰᠠᠨ ᠤ ᠬᠤᠪᠢ ᠳᠤ᠂ ᠡᠷᠬᠡᠪᠰᠢ ᠠᠶᠤᠯ ᠲᠦᠭᠰᠢᠭᠦᠷᠢ ᠶᠢᠨ ᠤᠬᠠᠮᠰᠠᠷ ᠪᠠ  ᠬᠢᠮᠤᠷᠠᠯ ᠤᠨ ᠤᠬᠠᠮᠰᠠᠷ ᠢᠶᠠᠷ ᠴᠢᠩᠭ᠎ᠠ ᠪᠠᠶᠢᠵᠤ᠂ ᠲᠤᠬᠠᠶᠢᠯᠠᠭᠰᠠᠨ ᠠᠵᠢᠯ ᠢᠶᠠᠨ ᠠᠳᠬᠤᠬᠤ ᠪᠠᠷ ᠪᠠᠷᠠᠬᠤ ᠦᠭᠡᠢ ᠨᠡᠩ ᠴᠤ ᠠᠮᠤᠷ ᠲᠦᠪᠰᠢᠨ ᠢ ᠠᠳᠬᠤᠵᠤ᠂ ᠬᠢᠬᠦ ᠶᠣᠰᠣᠲᠠᠢ ᠠᠵᠢᠯ ᠢᠶᠠᠨ ᠤᠷᠢᠳ ᠢᠶᠠᠷ ᠬᠢᠵᠦ᠂ ᠭᠦᠢᠴᠡᠳᠬᠡᠬᠦ ᠶᠣᠰᠣᠲᠠᠢ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠵᠦ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ᠂ ᠤᠯᠤᠰ ᠤᠨ ᠨᠡᠶᠢᠲᠡ ᠶᠢᠨ ᠲᠠᠬᠢᠯᠭ᠎ᠠ ᠶᠢᠨ ᠡᠳᠦᠷ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠵᠡᠷᠭᠡ ᠵᠢᠴᠢ ᠡᠯ᠎ᠡ ᠭᠠᠵᠠᠷ ᠤᠨ ᠬᠤᠪᠢᠰᠬᠠᠯ ᠤᠨ ᠬᠥᠮᠦᠵᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠶᠢ ᠲᠥᠯᠥᠪᠯᠡᠭᠡ ᠲᠠᠢ ᠪᠠᠷ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠢ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠨᠡᠶᠢᠳᠡᠮ ᠬᠡᠷᠡᠭᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠪᠠᠶᠢᠭᠤᠯᠭ᠎ᠠ᠂ ᠰᠤᠷᠭᠠᠭᠤᠯᠢ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠳᠤ ᠣᠷᠣᠭᠤᠯᠬᠤ ᠵᠡᠷᠭᠡ ᠶᠢ ᠶᠡᠭᠡ ᠪᠠᠷ ᠲᠦᠯᠬᠢᠨ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ᠂ ᠤᠶᠤᠨ ᠤ ᠪᠣᠯᠪᠠᠰᠤᠨ ᠤ ᠪᠠᠶᠢᠭᠤᠯᠤᠯᠲᠠ ᠵᠡᠷᠭᠡ ᠴᠢᠬᠤᠯᠠ ᠠᠭᠤᠯᠭ᠎ᠠ ᠪᠠ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠨᠢᠭᠡᠳᠦᠯᠲᠡᠢ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ ᠂ ᠨᠠᠮ ᠤᠨ ᠬᠤᠷᠢᠶ᠎ᠠ ᠤᠳᠤᠷᠢᠳᠤᠭᠰᠠᠨ᠂ ᠴᠡᠷᠢᠭ ᠠᠩᠭᠢ ᠪᠠ ᠣᠷᠣᠨ ᠨᠤᠲᠤᠭ ᠨᠢᠭᠲᠠ ᠬᠠᠮᠵᠢᠯᠴᠠᠭᠰᠠᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠡᠮᠵᠢᠭᠰᠡᠨ᠂ ᠪᠦᠬᠦ ᠠᠷᠠᠳ ᠢᠶᠠᠷ ᠢᠶᠠᠨ ᠬᠠᠮᠲᠤ ᠪᠠᠷ ᠣᠷᠣᠯᠴᠠᠭᠰᠠᠨ ᠠᠵᠢᠯ ᠤᠨ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠵᠠᠩ ᠵᠢᠢ ᠹᠧᠢ᠂ ᠰᠢᠦᠢ ᠱᠧᠦ ᠵᠢᠢ᠂ ᠸᠠᠩ ᠶᠠᠨ ᠵᠢᠶᠦ᠋ᠨ᠂ ᠯᠢᠦ ᠵᠢᠶᠠᠨ ᠭᠦᠸᠧ᠂ ᠯᠢ ᠰᠢᠶᠣᠣ ᠶᠠᠨ᠂ ᠵᠦ ᠵᠢᠶᠠᠨ ᠭᠦᠸᠧ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠬᠤᠷᠠᠯ ᠳᠤ ᠣᠷᠣᠯᠴᠠᠪᠠ᠃      ᠬᠤᠲᠠ ᠶᠢᠨ ᠳᠡᠳ᠋ ᠳᠠᠷᠤᠭ᠎ᠠ ᠰᠢᠶᠣᠣ ᠹᠠᠩ ᠬᠤᠷᠠᠯ ᠳᠤ ᠰᠤᠯᠠ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ