ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/14
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠠᠷᠢᠭᠤᠨ᠎ᠠ︶ 9 ᠳ᠋ᠤᠭᠡᠷ ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ       ᠬᠤᠷᠠᠯ ᠠᠴᠠ ᠬᠥᠬᠡᠬᠤᠲᠠ ᠶᠢᠨ 2022 ︱ 2023 ᠣᠨ ᠤ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠥᠬᠡᠬᠤᠲᠠ ᠶᠢᠨ ᠡᠪᠦᠯ ᠤᠨ ᠤᠯᠠᠷᠢᠯ ᠤᠨ ᠴᠡᠪᠡᠷ ᠳᠤᠯᠠᠭᠠᠯᠭ᠎ᠠ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︽ᠬᠥᠬᠡᠬᠤᠲᠠ ᠶᠢᠨ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠥᠯ ︵ᠶᠠᠷᠢᠯᠴᠠᠬᠤ ᠨᠣᠣᠷᠠᠭ︶︾ ︽ᠬᠥᠬᠡᠬᠤᠲᠠ ᠶᠢᠨ ᠲᠣᠰ ᠱᠠᠲᠤᠨ ᠤ ᠠᠯᠪᠠᠨ ᠳᠤ ᠬᠡᠷᠡᠭᠯᠡᠬᠦ ᠲᠡᠷᠭᠡ᠂ ᠠᠯᠪᠠᠨ ᠭᠡᠷ ᠢ ᠲᠥᠪᠯᠡᠷᠡᠭᠦᠯᠦᠨ ᠬᠠᠮᠢᠶᠠᠷᠴᠤ ᠠᠷᠪᠢᠯᠠᠨ ᠠᠰᠢᠭᠯᠠᠬᠤ ᠠᠵᠢᠯ ᠤᠨ ᠲᠥᠰᠥᠯ︾ ᠢ ᠬᠢᠨᠠᠨ ᠵᠥᠪᠯᠡᠬᠦ ᠶᠢᠨ ᠬᠠᠮᠲᠤ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠵᠢᠭᠠᠭᠰᠠᠨ ᠨᠢ᠂ ᠡᠪᠦᠯ ᠤᠨ ᠤᠯᠠᠷᠢᠯ ᠢᠯᠴᠢ ᠬᠠᠩᠭᠠᠬᠤ ᠢᠯᠴᠢ ᠶᠢᠨ ᠬᠠᠩᠭᠠᠯᠭ᠎ᠠ ᠶᠢ ᠪᠠᠲᠤᠯᠠᠬᠤ ᠪᠣᠯ ᠨᠢᠭᠡᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠨᠡᠶᠢᠭᠡᠮ ᠢᠶᠠᠷ ᠢᠶᠠᠨ ᠠᠩᠬᠠᠷᠴᠤ᠂  ᠤᠯᠠᠨ ᠲᠦᠮᠡᠨ ᠰᠠᠨᠠᠭ᠎ᠠ ᠲᠠᠯᠪᠢᠵᠤ ᠪᠠᠶᠢᠭ᠎ᠠ ᠠᠩᠬᠠᠷᠤᠯ ᠤᠨ ᠲᠥᠪ ᠪᠠ ᠬᠠᠯᠠᠮᠰᠢᠯ ᠴᠡᠭ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠪᠠ ᠢᠯᠴᠢ ᠬᠠᠩᠭᠠᠬᠤ ᠠᠵᠤ ᠠᠬᠤᠶᠢᠯᠠᠯ ᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠯᠴᠢ ᠬᠠᠩᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠣᠲᠣ ᠶᠢᠨ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠡᠯ᠎ᠡ ᠭᠠᠵᠠᠷ ᠣᠷᠣᠨ ᠤ ︽ᠨᠢᠭᠡᠳᠦᠭᠡᠷ ᠬᠠᠷᠢᠭᠤᠴᠠᠯᠭᠠᠳᠠᠨ︾ ᠡᠷᠲᠡ ᠠᠴᠠ ᠲᠣᠬᠢᠷᠠᠭᠤᠯᠵᠤ᠂ ᠡᠷᠲᠡ ᠠᠴᠠ ᠪᠠᠶᠢᠷᠢᠯᠠᠭᠤᠯᠵᠤ᠂  ᠢᠯᠴᠢ ᠬᠠᠩᠭᠠᠬᠤ ᠪᠡᠯᠡᠳᠬᠡᠮᠵᠢ ᠶᠢ ᠪᠠᠶᠢᠴᠠᠭᠠᠨ ᠵᠠᠰᠠᠬᠤ ᠵᠠᠩᠭᠢᠯᠠᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠢᠯᠴᠢ ᠬᠠᠩᠭᠠᠬᠤ ᠬᠤᠭᠤᠯᠠᠢ ᠶᠢᠨ ᠲᠣᠣᠷ ᠢ ᠵᠢᠭᠰᠠᠭᠠᠨ ᠪᠠᠶᠢᠴᠠᠭᠠᠵᠤ ᠪᠠᠶᠢᠴᠠᠭᠠᠨ ᠵᠠᠰᠠᠬᠤ᠂ ᠲᠥᠬᠦᠭᠡᠷᠦᠮᠵᠢ ᠶᠢ ᠬᠠᠮᠠᠭᠠᠯᠠᠵᠤ ᠲᠣᠬᠢᠷᠠᠭᠤᠯᠤᠨ ᠲᠤᠷᠰᠢᠬᠤ᠂ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠵᠡᠷᠭᠡ ᠡᠯ᠎ᠡ ᠵᠦᠢᠯ ᠤᠨ ᠠᠵᠢᠯ ᠢ ᠭᠦᠨᠵᠡᠭᠡᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ ᠪᠡᠶᠡᠯᠡᠭᠦᠯᠵᠦ᠂  ᠲᠦᠯᠡᠰᠢᠨ ᠨᠡᠭᠦᠷᠡᠰᠦ ᠶᠢ ᠰᠤᠯᠠ ᠰᠢᠳᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠨ ᠲᠤᠰᠬᠠᠢ ᠪᠡᠯᠡ ᠮᠥᠩᠭᠦ ᠶᠢᠨ ᠬᠡᠷᠡᠭᠯᠡᠯᠲᠡ ᠵᠢᠴᠢ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ ᠂ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠬᠦᠴᠦᠷᠬᠡᠭ ᠶᠡᠭᠡ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤ ᠲᠤᠰᠬᠠᠭᠰᠠᠨ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠯᠪᠠᠨ ᠳᠤ ᠬᠡᠷᠡᠭᠯᠡᠬᠦ ᠲᠡᠷᠭᠡ᠂ ᠠᠯᠪᠠᠨ ᠭᠡᠷ ᠢ ᠡᠷᠴᠢᠮᠵᠢᠭᠦᠯᠦᠨ ᠬᠡᠷᠡᠭᠯᠡᠬᠦ ᠪᠠ ᠡᠬᠢ ᠪᠠᠶᠠᠯᠢᠭ ᠢ ᠲᠣᠬᠢᠷᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠷᠢ ᠲᠤᠭ᠎ᠠ ᠨᠢ ᠲᠣᠳᠣᠷᠬᠠᠢ ᠦᠭᠡᠢ᠂ ᠬᠠᠮᠢᠶᠠᠷᠤᠯᠲᠠ ᠨᠢ ᠲᠥᠪᠯᠡᠷᠡᠩᠭᠦᠢ ᠦᠭᠡᠢ᠂ ᠲᠣᠬᠢᠷᠠᠭᠤᠯᠤᠯᠲᠠ ᠨᠢ ᠵᠣᠬᠢᠰ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠬᠠᠮᠲᠤ ᠪᠠᠷ ᠡᠳ᠋ᠯᠡᠬᠦ᠂ ᠪᠠᠲᠤᠯᠠᠭ᠎ᠠ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠡᠷᠴᠢᠮᠵᠢᠭᠦᠯᠦᠨ ᠭᠠᠮᠨᠠᠵᠤ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠠᠵᠢᠯ ᠤᠨ ᠬᠠᠷᠠᠯᠲᠠ ᠶᠢ ᠪᠡᠶᠡᠯᠡᠭᠦᠯᠵᠦ᠂ ᠮᠠᠨ ᠤ ᠬᠤᠲᠠ ᠶᠢᠨ ᠠᠯᠪᠠᠨ ᠳᠤ ᠬᠡᠷᠡᠭᠯᠡᠬᠦ ᠲᠡᠷᠭᠡ᠂ ᠠᠯᠪᠠᠨ ᠭᠡᠷ ᠢ ᠵᠢᠷᠤᠮᠵᠢᠭᠤᠯᠤᠨ ᠬᠠᠮᠢᠶᠠᠷᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ