9 ᠳ᠋ᠤᠭᠡᠷ ᠰᠠᠷ᠎ᠠ ᠶᠢᠨ 13 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/14
      9 ᠳ᠋ᠤᠭᠡᠷ ᠰᠠᠷ᠎ᠠ ᠶᠢᠨ 13 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠬᠢᠯᠢ ᠶᠢᠨ ᠭᠠᠳᠠᠨ᠎ᠠ  ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 7 ᠨᠡᠮᠡᠭᠳᠡᠪᠡ᠂ ᠴᠥᠮ ᠤᠯᠠᠭᠠᠨᠬᠠᠳᠠ ᠬᠤᠲᠠ ᠳᠤ ᠪᠣᠢ ︵ᠰᠦᠩᠱᠠᠨ ᠲᠣᠭᠤᠷᠢᠭ ᠲᠤ 6 ᠪᠣᠶ᠂ ᠡᠭᠦᠨ ᠳᠤ 5 ᠶᠢ ᠨᠢ ᠲᠦᠭᠰᠢᠭᠦᠷᠢ ᠶᠡᠬᠡᠲᠡᠢ ᠣᠷᠣᠨ ᠳᠤ ᠰᠢᠭᠰᠢᠨ ᠪᠠᠶᠢᠴᠠᠭᠠᠯᠲᠠ ᠬᠢᠬᠦ ᠳᠤᠮᠳᠠ ᠪᠠᠶᠢᠴᠠᠭᠠᠵᠤ ᠭᠠᠷᠭᠠᠪᠠ᠂ 1 ᠶᠢ ᠨᠢ ᠲᠤᠰᠠᠭᠠᠷᠯᠠᠬᠤ ᠴᠡᠭ  ᠠᠴᠠ ᠪᠠᠶᠢᠴᠠᠭᠠᠵᠤ ᠭᠠᠷᠭᠠᠪᠠ︔ ᠠᠷᠤ ᠬᠤᠷᠴᠢᠨ ᠬᠤᠰᠢᠭᠤᠨ ᠳᠤ 1 ᠪᠣᠢ᠂ ᠰᠠᠨᠠᠭᠠᠴᠢᠯᠠᠭ᠎ᠠ ᠠᠴᠠ ᠪᠠᠨ ᠡᠪᠡᠳᠴᠢᠨ ᠦᠵᠡᠭᠦᠯᠬᠦ ᠳᠤᠮᠳᠠ ᠪᠠᠶᠢᠴᠠᠭᠠᠵᠤ ᠭᠠᠷᠭᠠᠪᠠ︶︔  ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 11 ᠪᠣᠶ᠂ ᠡᠭᠦᠨ ᠳᠤ ᠤᠯᠠᠭᠠᠨᠬᠠᠳᠠ ᠬᠤᠲᠠ ᠳᠤ 3 ︵ᠰᠦᠩᠱᠠᠨ ᠲᠣᠭᠤᠷᠢᠭ ᠲᠤ 1᠂ ᠣᠩᠨᠢᠭᠤᠳ ᠬᠤᠰᠢᠭᠤᠨ ᠳᠤ 2 ᠪᠣᠢ᠂ ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶᠂ ᠪᠠᠶᠠᠨᠨᠠᠭᠤᠷ ᠬᠤᠲᠠ ᠳᠤ 3 ︵ᠴᠥᠮ ᠯᠢᠨ ᠾᠧ ᠲᠣᠭᠤᠷᠢᠭ ᠲᠤ ᠪᠣᠢ᠂ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶᠂ ᠠᠯᠠᠱᠠ ᠠᠶᠢᠮᠠᠭ ᠲᠤ 5 ︵ᠴᠥᠮ ᠴᠡᠭᠡ ᠪᠣᠭᠤᠮᠲᠠ ᠳᠤ ᠪᠣᠢ᠂ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶ ᠪᠣᠶ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 4 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 1 ︵ᠬᠦᠷᠴᠦ ᠢᠷᠡᠭᠰᠡᠨ ᠲᠤᠬᠠᠢ ᠶᠢᠨ ᠭᠠᠵᠠᠷ  ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠭᠰᠠᠨ ᠬᠦᠮᠦᠨ ᠤ ᠣᠶᠢᠷ᠎ᠠ ᠬᠠᠪᠢᠳᠠᠯ︶᠂ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 2 ︵ᠰᠢᠯᠢᠩᠬᠤᠲᠠ ᠳᠤ 1᠂ ᠡᠷᠢᠶᠡᠨ ᠬᠤᠲᠠ ᠳᠤ 1 ᠪᠣᠢ︶ ᠪᠣᠢ᠂  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ ᠠᠴᠠ 6 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠣᠶ᠃      9 ᠳ᠋ᠤᠭᠡᠷ ᠰᠠᠷ᠎ᠠ ᠶᠢᠨ 13 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 312 ᠪᠤᠶ᠃ ᠡᠭᠦᠨ ᠳᠤ ᠬᠥᠬᠡᠬᠤᠲᠠ ᠳᠤ 3 ︵ᠴᠥᠮ  ᠬᠦᠷᠴᠦ ᠢᠷᠡᠭᠰᠡᠨ ᠲᠤᠬᠠᠢ ᠶᠢᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠭᠰᠠᠨ  ᠬᠦᠮᠦᠨ ᠵᠢᠴᠢ ᠣᠶᠢᠷ᠎ᠠ ᠬᠠᠪᠢᠳᠠᠯ︶᠂ ᠬᠥᠯᠥᠨ ᠪᠤᠶᠢᠷ ᠬᠤᠲᠠ ᠳᠤ 2 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 275 ︵ᠬᠤᠩᠱᠠᠨ ᠲᠣᠭᠤᠷᠢᠭ ᠲᠤ 6᠂ ᠰᠦᠩᠱᠠᠨ ᠲᠣᠭᠤᠷᠢᠭ ᠲᠤ 110᠂ ᠣᠩᠨᠢᠭᠤᠳ ᠬᠤᠰᠢᠭᠤᠨ ᠳᠤ 158᠂ ᠠᠷᠤ ᠬᠤᠷᠴᠢᠨ ᠬᠤᠰᠢᠭᠤᠨ ᠳᠤ 1 ᠪᠣᠢ︶᠂ ᠰᠢᠯᠢ ᠶᠢᠨ ᠭᠤᠣᠯ ᠠᠶᠢᠮᠠᠭ ᠲᠤ 32 ︵ᠰᠢᠯᠢᠩᠬᠤᠲᠠ ᠳᠤ 25᠂ ᠡᠷᠢᠶᠡᠨ ᠬᠤᠲᠠ ᠳᠤ 7 ᠪᠣᠢ︶᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 389 ᠪᠣᠶ᠂ ᠡᠭᠦᠨ ᠳᠤ ᠬᠥᠬᠡᠬᠤᠲᠠ ᠳᠤ 1 ︵ᠬᠦᠷᠴᠦ ᠢᠷᠡᠭᠰᠡᠨ ᠲᠤᠬᠠᠢ  ᠶᠢᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠭᠰᠠᠨ ᠬᠦᠮᠦᠨ ᠤ ᠣᠶᠢᠷ᠎ᠠ ᠬᠠᠪᠢᠳᠠᠯ︶᠂ ᠤᠯᠠᠭᠠᠨᠬᠠᠳᠠ ᠬᠤᠲᠠ ᠳᠤ 308 ︵ᠬᠤᠩᠱᠠᠨ ᠲᠣᠭᠤᠷᠢᠭ ᠲᠤ 9᠂ ᠰᠦᠩᠱᠠᠨ ᠲᠣᠭᠤᠷᠢᠭ ᠲᠤ 96᠂ ᠣᠩᠨᠢᠭᠤᠳ ᠬᠤᠰᠢᠭᠤᠨ ᠳᠤ 203 ᠪᠣᠢ︶᠂ ᠰᠢᠯᠢ ᠶᠢᠨ ᠭᠤᠣᠯ ᠠᠶᠢᠮᠠᠭ ᠲᠤ 47 ︵ᠰᠢᠯᠢᠩᠬᠤᠲᠠ ᠳᠤ 33᠂ ᠡᠷᠢᠶᠡᠨ ᠬᠤᠲᠠ ᠳᠤ 14 ᠪᠣᠢ︶᠂ ᠪᠠᠶᠠᠨᠨᠠᠭᠤᠷ ᠬᠤᠲᠠ ᠳᠤ 5 ︵ᠴᠥᠮ ᠯᠢᠨ ᠡᠾᠧ ᠲᠣᠭᠤᠷᠢᠭ ᠲᠤ ᠪᠣᠶ︶᠂ ᠠᠯᠠᠱᠠ ᠠᠶᠢᠮᠠᠭ ᠲᠤ 28 ︵ᠴᠥᠮ ᠴᠡᠭᠡ ᠪᠣᠭᠤᠮᠲᠠ ᠳᠤ ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 4 ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ