ᠪᠣᠣ ᠭᠠᠩ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢ ᠬᠠᠮᠳᠤᠷᠠᠨ ᠬᠦᠯᠢᠶᠡᠨ ᠠᠪᠬᠤ ᠲᠥᠪ ᠲᠤ ᠬᠦᠷᠴᠦ ᠠᠰᠠᠭᠤᠳᠠᠯ ᠳᠤᠰᠬᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠴᠤ ᠠᠭᠤᠯᠵᠠᠪᠠ
ᠨᠡᠶᠢᠲᠡᠯᠡᠭᠰᠡᠨ ᠴᠠᠭ᠄
2022/9/15
           ᠼᠤᠤ ᠰᠧ ᠶᠠᠩ ᠣᠷᠣᠯᠴᠠᠵᠠᠢ      ︵ᠰᠤᠷᠪᠤᠯᠵᠢᠯᠠᠭᠴᠢ ᠶᠦᠨ ᠵᠢᠩ︶ 9 ᠳ᠋ᠤᠭᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ  ᠪᠣᠣ ᠭᠠᠩ ᠬᠤᠳᠠ ᠶᠢᠨ ᠵᠠᠬᠢᠳᠠᠯ ᠰᠣᠷᠪᠤᠯᠵᠢᠯᠠᠭ᠎ᠠ ᠶᠢ ᠬᠠᠮᠳᠤᠷᠠᠨ ᠭᠥᠯᠢᠶᠡᠨ ᠠᠪᠬᠤ ᠦᠢᠯᠡᠴᠢᠯᠡᠭᠡᠨ ᠤ ᠲᠥᠪ ᠲᠤ ᠬᠦᠷᠴᠦ᠂ ᠲᠤᠬᠠᠢ ᠶᠢᠨ ᠲᠠᠯᠠᠪᠤᠷ ᠲᠤ ᠠᠰᠠᠭᠤᠳᠠᠯ ᠳᠤᠰᠬᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ ᠠᠭᠤᠯᠵᠠᠪᠠ᠃      ᠰᠣᠷᠪᠤᠯᠵᠢᠯᠠᠭ᠎ᠠ ᠶᠢ ᠭᠥᠯᠢᠶᠡᠨ ᠠᠪᠬᠤ ᠲᠠᠰᠤᠭ ᠲᠤ᠂ ᠪᠣᠣ ᠭᠠᠩ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠵᠠᠬᠢᠳᠠᠯ ᠰᠣᠷᠪᠤᠯᠵᠢᠯᠠᠭ᠎ᠠ ᠶᠢᠨ ᠤᠴᠢᠷ ᠶᠠᠪᠤᠳᠠᠯ ᠤᠨ  ᠰᠢᠯᠳᠠᠭᠠᠨ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠠᠯᠪᠠᠯᠠᠨ ᠠᠰᠠᠭᠤᠳᠠᠯ ᠢ ᠰᠢᠢᠳᠪᠦᠷᠢᠯᠡᠪᠡ᠃ ᠲᠡᠷᠡ ᠬᠡᠯᠡᠬᠦ ᠳᠡᠭᠡᠨ ᠵᠠᠬᠢᠳᠠᠯ ᠰᠣᠷᠪᠤᠯᠵᠢᠯᠠᠭ᠎ᠠ ᠪᠣᠯ ᠡᠭᠦᠳᠡᠨ ᠳᠡᠭᠡᠷ᠎ᠡ ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ ᠪᠣᠯᠣᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠢᠮᠠᠭᠲᠠ ᠤᠯᠠᠨ ᠲᠦᠮᠡᠨ ᠤ ᠠᠩᠬᠠᠷᠴᠤ ᠰᠠᠨᠠᠭ᠎ᠠ ᠪᠣᠯᠵᠤ ᠪᠠᠶᠢᠭ᠎ᠠ ᠠᠰᠠᠭᠤᠳᠠᠯ ᠢ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠦᠨᠡᠨ ᠢ ᠪᠠᠷᠢᠮᠲᠠᠯᠠᠨ ᠳᠠᠷᠤᠶᠢᠬᠠᠨ ᠰᠢᠢᠳᠪᠦᠷᠢᠯᠡᠵᠦ᠂ ᠵᠦᠢ ᠵᠣᠬᠢᠰ ᠦᠭᠡᠢ ᠭᠤᠮᠣᠳᠠᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠬᠠᠷᠢᠭᠤᠯᠲᠠ ᠥᠭᠴᠦ ᠭᠦᠢᠴᠡᠳ ᠲᠠᠶᠢᠯᠪᠤᠷᠢᠯᠠᠨ᠂ ᠦᠨᠡᠨᠬᠦ ᠬᠦᠴᠢᠷᠳᠡᠯ ᠲᠠᠢ ᠤᠯᠠᠨ ᠲᠦᠮᠡᠨ ᠳᠤ ᠬᠥᠮᠦᠯᠢᠭ ᠤᠨ ᠬᠠᠯᠠᠮᠵᠢᠯᠠᠯ ᠦᠵᠡᠭᠦᠯᠵᠦ ᠰᠠᠶᠢᠳᠤᠷ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠬᠡᠷᠡᠭᠲᠡᠢ᠃ ᠰᠢᠨ᠎ᠡ ᠪᠠᠶᠢᠳᠠᠯ ᠤᠨ ᠳᠣᠣᠷᠠᠬᠢ ᠤᠯᠠᠨ ᠲᠦᠮᠡᠨ ᠤ ᠠᠵᠢᠯ ᠤᠨ ᠣᠨᠴᠠᠯᠢᠭ ᠪᠠ ᠵᠢᠮ᠎ᠡ ᠶᠣᠰᠣ ᠶᠢ ᠭᠦᠨᠵᠡᠭᠡᠢ ᠰᠤᠳᠤᠯᠤᠨ ᠣᠨᠣᠪᠴᠢᠲᠠᠶ ᠡᠵᠡᠮᠳᠡᠵᠦ᠂ ᠡᠬᠢ ᠡᠭᠦᠰᠦᠯ ᠠᠴᠠ ᠨᠢ ᠵᠠᠰᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠥᠷᠢᠴᠡᠯ ᠵᠢᠭᠤᠷᠠᠯᠳᠤᠭᠠᠨ ᠢ ᠤᠯᠠᠨ ᠠᠷᠭ᠎ᠠ ᠮᠠᠶ᠋ᠢᠭ ᠢᠶᠠᠷ ᠡᠶᠡᠳᠡᠭᠦᠯᠦᠨ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠠᠰᠠᠭᠤᠳᠠᠯ ᠢ ᠦᠨᠡᠨᠬᠦ ᠦᠨᠳᠦᠰᠦᠨ ᠱᠠᠲᠤᠨ ᠳᠤ ᠰᠢᠢᠳᠪᠦᠷᠢᠯᠡᠵᠦ᠂ ᠵᠥᠷᠢᠴᠡᠯ ᠢ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠡᠩ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ᠂ ᠨᠡᠩ ᠬᠠᠲᠠᠭᠤ ᠴᠢᠩᠭ᠎ᠠ ᠰᠤᠷᠲᠠᠯ ᠢᠶᠠᠷ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠼᠤᠤ ᠰᠧ ᠶᠠᠩ᠂ ᠯᠢᠦ ᠵᠢᠢ ᠶᠢᠩ ᠠᠰᠠᠭᠤᠳᠠᠯ ᠳᠤᠰᠬᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ ᠠᠭᠤᠯᠵᠠᠬᠤ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ