ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ 9 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2022/9/15
 ᠪᠣᠣ ᠭᠠᠩ ᠡᠷᠬᠢᠯᠡᠵᠦ ᠴᠠᠩ ᠫᠧᠢ ᠵᠦᠩ ᠯᠢ ᠵᠢᠶᠦ᠋ᠩ ᠣᠷᠣᠯᠴᠠᠵᠠᠢ       ︵ᠰᠤᠷᠪᠤᠯᠵᠢᠯᠠᠭᠴᠢ ᠶᠦᠨ ᠵᠢᠩ︶ 9 ᠳ᠋ᠤᠭᠡᠷ ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2022 ᠣᠨ ᠤ 9 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ᠬᠤᠪᠢ ᠬᠥᠮᠥᠨ ᠥᠪᠡᠰᠦᠪᠡᠨ ᠰᠤᠷᠤᠯᠴᠠᠬᠤ ᠪᠠ ᠲᠥᠪᠯᠡᠷᠡᠭᠦᠯᠦᠨ ᠰᠤᠳᠤᠯᠤᠨ ᠶᠠᠷᠢᠯᠴᠠᠬᠤ ᠬᠡᠯᠪᠡᠷᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ︽ᠰᠢ ᠶᠢᠨ ᠫᠢᠩ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠦᠭᠦᠯᠡᠭᠰᠡᠨ ᠨᠢ︾ ᠭᠡᠬᠦ ᠨᠣᠮ ᠤᠨ ᠳᠥᠷᠪᠡᠳᠦᠭᠡᠷ ᠪᠣᠳᠢ ᠶᠢ ᠭᠦᠨᠵᠡᠭᠡᠢ ᠰᠤᠷᠤᠯᠴᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠨᠡᠩ ᠡᠷᠡᠰ ᠪᠠᠲᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠬᠤᠳᠠ ᠶᠢᠨ ᠤᠳᠤᠷᠢᠳᠤᠯᠭ᠎ᠠ ᠴᠠᠩ ᠫᠧᠢ ᠵᠦᠩ᠂ ᠯᠢ ᠵᠢᠶᠦ᠋ᠩ᠂ ᠼᠦᠢ ᠵᠧᠨ ᠦ᠋᠂ ᠱᠠᠩ ᠵᠢᠩ ᠮᠢᠨ᠂ ᠲᠠᠩ ᠶᠦᠩ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠨᠥᠬᠦᠳ ᠪᠢᠴᠢᠭ ᠢᠶᠠᠷ ᠶᠠᠷᠢᠶ᠎ᠠ ᠲᠠᠯᠪᠢᠵᠠᠢ᠃ ᠤᠯᠠᠨ ᠢᠶᠠᠷ ᠢᠶᠠᠨ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠣᠷᠣᠨ ᠤ ᠲᠥᠪ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠰᠤᠷᠤᠯᠴᠠᠭᠰᠠᠨ ᠲᠥᠷᠥᠭᠳᠡᠯ ᠢᠶᠠᠨ ᠬᠤᠪᠢᠶᠠᠯᠴᠠᠵᠤ᠂ ᠠᠵᠢᠯ ᠤᠨ ᠠᠷᠭ᠎ᠠ ᠬᠡᠮᠵᠢᠶ᠎ᠡ ᠳᠤᠷᠠᠳᠴᠠᠢ᠃      ᠬᠤᠷᠠᠯ ᠠᠴᠠ ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠤ ᠡᠩ ᠲᠡᠷᠢᠭᠦᠨ ᠳᠤ ︽ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠲᠠᠯ᠎ᠠ ᠪᠠᠷ ᠲᠠᠷᠢᠬᠢ ᠲᠣᠯᠣᠭᠠᠢ ᠰᠡᠷᠭᠡᠭ ᠪᠠᠶᠢᠬᠤ᠂ ᠦᠵᠡᠯ ᠰᠠᠨᠠᠭᠠᠨ ᠤ ᠲᠠᠯ᠎ᠠ ᠪᠠᠷ ᠴᠢᠩᠭ᠎ᠠ ᠳᠠᠭᠠᠬᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠡᠷᠡᠰ ᠪᠠᠲᠤ ᠪᠠᠶᠢᠬᠤ ᠶᠢ ᠪᠠᠷᠢᠮᠲᠠᠯᠠᠵᠤ ᠂ ᠶᠡᠷᠦᠩᠬᠡᠢ ᠱᠦᠵᠢ ᠶᠢ ᠴᠢᠩᠭ᠎ᠠ ᠳᠠᠭᠠᠬᠤ ᠤᠯᠤᠰ ᠲᠦᠷᠦ ᠶᠢᠨ ᠦᠨᠡᠨᠴᠢ ᠰᠢᠳᠤᠷᠭᠤ ᠶᠢ ᠦᠷᠭᠦᠯᠵᠢᠯᠡᠨ ᠳᠠᠪᠲᠠᠨ ᠪᠣᠯᠪᠠᠰᠤᠷᠠᠭᠤᠯᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠤᠯᠤᠰ ᠲᠦᠷᠦ ᠶᠢᠨ ᠪᠠᠲᠤ ᠬᠦᠴᠦᠨ ᠢ ᠪᠠᠲᠤᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠲᠦᠷᠭᠡᠨ ᠪᠦᠲᠦᠭᠡᠨ ᠪᠠᠶᠢᠭᠤᠯᠬᠤ ᠬᠡᠷᠡᠭᠲᠡᠢ᠃ ᠣᠷᠣᠨ ᠤ ᠲᠥᠪ ᠤᠨ ᠠᠵᠤ ᠠᠬᠤᠢ ᠶᠢᠨ ᠴᠢᠳᠠᠪᠬᠢ ᠳᠡᠰ᠂ ᠬᠥᠮᠥᠨ ᠠᠮᠠ ᠶᠢᠨ ᠴᠢᠳᠠᠪᠬᠢ ᠳᠡᠰ᠂ ᠰᠣᠶᠣᠯ ᠤᠨ ᠴᠢᠳᠠᠪᠬᠢ ᠳᠡᠰ᠂ ᠵᠠᠰᠠᠯᠲᠠ ᠶᠢᠨ ᠴᠢᠳᠠᠪᠬᠢ ᠳᠡᠰ᠂ ᠡᠩᠨᠡᠭᠡ ᠶᠢᠨ ᠴᠢᠳᠠᠪᠬᠢ ᠳᠡᠰ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂᠂ ᠬᠤᠳᠠ ᠶᠢᠨ ᠭᠤᠣᠯᠯᠠᠭᠴᠢ ᠥᠷᠢᠰᠦᠯᠳᠦᠬᠦ ᠬᠦᠴᠦᠨ᠂ ᠣᠷᠣᠨ ᠪᠦᠰᠡ ᠶᠢᠨ ᠨᠥᠯᠥᠭᠡᠯᠡᠨ ᠳᠠᠶᠢᠴᠢᠯᠠᠬᠤ ᠬᠦᠴᠦᠨ᠂ ᠬᠤᠳᠠ ᠶᠢᠨ ᠶᠡᠷᠦᠩᠬᠡᠶᠢᠯᠡᠭᠰᠡᠨ ᠳᠠᠭᠠᠭᠠᠴᠠ ᠪᠣᠯᠣᠨ ᠬᠤᠳᠠ ᠶᠢᠨ ᠳᠦᠷᠢ ᠲᠥᠷᠬᠦ ᠶᠢᠨ ᠵᠥᠭᠡᠯᠡᠨ ᠪᠣᠳᠠᠲᠤ ᠬᠦᠴᠦᠨ ᠢ ᠳᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠤᠳᠤᠷᠢᠳᠬᠤ ᠺᠠᠳ᠋ᠷ ᠲᠦᠷᠦᠭᠦᠯᠡᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠯᠪᠡᠷᠢᠴᠢ ᠦᠵᠡᠯ ᠪᠣᠯᠣᠨ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ