ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠳᠥᠷᠪᠡᠨ ᠬᠤᠲᠠ ᠳᠤ ᠨᠡᠶᠢᠳᠡᠮ  ᠭᠦᠢᠴᠡᠳᠬᠡᠬᠦ︾ ᠠᠵᠢᠯ ᠳᠠᠬᠢᠨ ᠲᠠᠰ ᠳᠡᠪᠰᠢᠪᠡ
ᠨᠡᠶᠢᠲᠡᠯᠡᠭᠰᠡᠨ ᠴᠠᠭ᠄
2022/9/15
      ᠣᠶᠢᠷ᠎ᠠ ᠳᠤ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠪᠤᠭᠤᠲᠤ ᠣᠷᠳᠣᠰ ᠤᠯᠠᠭᠠᠨᠴᠠᠪ︾ ᠭᠤᠷᠪᠠᠨ ᠬᠤᠲᠠ ᠶᠢᠨ  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠢ ᠳᠠᠭᠠᠭᠤᠯᠤᠨ ᠳᠥᠷᠪᠡᠳᠦᠭᠡᠷ ᠪᠦᠯᠦᠭ ᠤᠨ ᠬᠥᠬᠡᠬᠤᠲᠠ ᠪᠤᠭᠤᠲᠤ ᠣᠷᠳᠣᠰ ᠤᠯᠠᠭᠠᠨᠴᠠᠪ ︽ᠲᠦᠷᠪᠡᠨ ᠬᠤᠲᠠ ᠳᠤ ᠨᠡᠶᠢᠳᠡᠮ ᠭᠦᠢᠴᠡᠳᠬᠡᠬᠦ︾ 1239 ᠵᠦᠢᠯᠡᠰ ᠢ ᠡᠮᠬᠢᠯᠡᠨ ᠨᠡᠶᠢᠲᠡᠯᠡᠪᠡ᠂ ᠡᠭᠦᠨ ᠤ ᠬᠠᠮᠲᠤ ︽ᠣᠷᠣᠨ ᠪᠦᠰᠡ ᠠᠯᠤᠰᠯᠠᠨ ᠨᠡᠶᠢᠳᠡᠮ  ᠭᠦᠢᠴᠡᠳᠬᠡᠬᠦ ᠲᠤᠰᠬᠠᠢ ᠴᠣᠩᠬᠤᠨ ᠤ ᠲᠠᠪᠴᠠᠩ︾ ᠢ ᠡᠬᠢᠯᠡᠭᠦᠯᠦᠨ ᠸᠢᠳᠢᠤ᠋ ᠪᠠᠷ ᠵᠥᠪᠳᠡᠯᠴᠡᠬᠦ ︽ᠡᠭᠦᠯᠡᠨ ᠵᠠᠮ︾ ᠢ ᠪᠠᠶᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠭᠠᠵᠠᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠣᠬᠢᠴᠠᠯᠵᠢᠯᠲᠠ ᠪᠠ ᠣᠶᠤᠨᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠴᠢᠩᠭᠠᠳᠬᠠᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠨᠠᠩ ᠣᠯᠠᠨ ᠠᠵᠤ ᠠᠬᠤᠶᠢᠯᠠᠯ ᠵᠢᠴᠢ ᠣᠯᠠᠨ ᠲᠦᠮᠡᠨ ᠳᠤ ᠠᠰᠢᠭ ᠬᠦᠷᠲᠡᠭᠡᠯ᠎ᠡ᠃      ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ  ︿ᠠᠷᠪᠠᠨ ᠳᠥᠷᠪᠡᠳᠦᠭᠡᠷ ᠲᠠᠪᠤᠨ ᠵᠢᠯ﹀ ᠤᠨ ᠨᠢᠭᠡ ᠴᠣᠭᠴᠠᠵᠢᠭᠤᠯᠤᠨ ᠬᠥᠭᠵᠢᠭᠦᠯᠬᠦ ᠲᠥᠯᠦᠪᠵᠢᠭᠦᠯᠭᠡ︾ ᠶᠢᠨ ᠱᠠᠭᠠᠷᠳᠠᠯᠭ᠎ᠠ ᠶᠣᠰᠣᠭᠠᠷ᠂ ᠡᠨᠡ ᠵᠢᠯ ᠤᠨ 2 ᠰᠠᠷ᠎ᠠ ᠳᠤ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠵᠢᠯᠴᠠᠨ ᠰᠢᠨ᠎ᠡ ᠶᠢ ᠡᠭᠦᠳᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠬᠠᠮᠲᠤᠷᠠᠯᠴᠠᠭᠠᠨ ᠤ ᠵᠣᠷᠢᠭ ᠰᠠᠨᠠᠭ᠎ᠠ  ᠶᠢ ᠪᠠᠷᠢᠮᠲᠠᠯᠠᠵᠤ᠂ ᠱᠠᠨᠳᠦ᠋ᠩ ᠮᠤᠵᠢ ᠶᠢᠨ ᠴᠢᠩᠳᠣᠣ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠣᠪᠴᠢᠶ᠎ᠠ ᠲᠠᠢ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︿ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ﹀ ᠬᠠᠮᠲᠤᠷᠠᠯᠴᠠᠭᠠᠨ ᠤ ᠵᠦᠪᠯᠡᠯᠴᠡᠭᠡᠷ︾  ᠲᠤᠭᠲᠠᠵᠤ᠂ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠪᠠ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ᠶᠢ ᠳᠠᠶᠢᠴᠢᠯᠠᠨ23 ᠮᠤᠵᠢ ᠬᠤᠲᠠ ᠶᠢᠨ 413  ᠭᠠᠵᠠᠷ ᠣᠷᠣᠨ ᠢᠶᠠᠷ ᠪᠦᠷᠢᠯᠳᠦᠭᠰᠡᠨ ︽ᠡᠭᠦᠯᠡᠨ ᠬᠤᠯᠪᠣᠭ᠎ᠠ︾ ᠳᠤ  ᠣᠷᠤᠪᠠ᠃ ᠣᠳᠣᠬᠠᠨ ᠳᠤ᠂ ᠬᠥᠬᠡᠬᠤᠲᠠ ᠪᠤᠭᠤᠲᠤ ᠣᠷᠳᠣᠰ  ᠤᠯᠠᠭᠠᠨᠴᠠᠪ ᠳᠥᠷᠪᠡᠨ ᠭᠠᠵᠠᠷ ᠤᠨ ᠬᠢᠨ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ᠲᠤᠰᠬᠠᠢ ᠴᠣᠩᠬᠤᠨ ᠤ ᠲᠠᠪᠴᠠᠩ︾ ᠳᠤ ᠲᠦᠰᠢᠭᠯᠡᠨ ︽ᠳᠥᠷᠪᠡᠨ ᠬᠤᠲᠠ ᠳᠤ ᠨᠡᠶᠢᠳᠡᠮ ᠭᠦᠢᠴᠡᠳᠬᠡᠬᠦ︾ ᠵᠦᠢᠯᠡᠰ ᠢ ᠨᠡᠶᠢᠲᠡ 1239  ᠪᠣᠯᠭᠠᠭᠰᠠᠨ ᠪᠠᠶᠢᠨ᠎ᠠ᠂ ᠡᠭᠦᠨ ᠳᠤ ᠬᠥᠬᠡᠬᠤᠲᠠ 379 ᠵᠦᠢᠯ᠂ ᠪᠤᠭᠤᠲᠤ ᠬᠤᠲᠠ 224 ᠵᠦᠢᠯ᠂ ᠣᠷᠳᠣᠰ ᠬᠤᠲᠠ 327 ᠵᠦᠢᠯ᠂ ᠤᠯᠠᠭᠠᠨᠴᠠᠪ ᠬᠤᠲᠠ 309 ᠵᠦᠢᠯ ᠪᠣᠶ᠃     ︽ᠡᠭᠦᠯᠡᠨ ᠠᠭᠤᠯᠵᠠᠯᠲᠠ︾ ᠶᠢᠨ ᠦᠢᠯᠡᠴᠢᠯᠡᠭᠡᠨ ᠤ ᠵᠠᠭᠪᠤᠷ ᠨᠢ ᠴᠠᠭ ᠲᠤᠬᠠᠢ ᠶᠢᠨ᠂ ᠦᠵᠡᠭᠳᠡᠬᠦ᠂ ᠨᠠᠷᠢᠯᠢᠭ ᠣᠨᠣᠴᠠᠲᠠᠢ ᠪᠠᠷ ᠰᠠᠨᠠᠯ ᠪᠤᠳᠤᠯ ᠢᠶᠠᠨ ᠰᠣᠯᠢᠯᠴᠠᠬᠤ ᠳᠠᠪᠠᠭᠤᠯᠢᠭ ᠲᠠᠢ ᠪᠠᠶᠢᠳᠠᠭ᠃ ᠣᠷᠣᠨ ᠪᠦᠰᠡ ᠠᠯᠤᠰᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠠᠷᠢᠮᠵᠢᠶ᠎ᠠ ᠠᠳᠠᠯᠢ ᠪᠤᠰᠤ ᠶᠢᠨ ᠬᠢᠵᠠᠭᠠᠷᠯᠠᠯ ᠪᠠ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ᠵᠦᠢᠯᠡᠰ ᠤᠨ ᠲᠤᠭ᠎ᠠ ᠬᠡᠮᠵᠢᠶ᠎ᠡ ᠶᠢᠨ ᠬᠢᠵᠠᠭᠠᠷᠯᠠᠯ ᠢ ᠡᠪᠳᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠤᠭᠤᠯᠤᠭᠰᠠᠨ ᠵᠦᠢᠯᠡᠰ ᠯᠡ ᠶᠤᠮ ᠪᠣᠯ ᠴᠥᠮ ︽ᠡᠭᠦᠯᠡᠨ ᠠᠭᠤᠯᠵᠠᠯᠲᠠ︾ ᠶᠢᠨ ᠵᠠᠭᠪᠤᠷ ᠢᠶᠠᠷ ᠣᠷᠣᠨ ᠪᠦᠰᠡ ᠠᠯᠤᠰᠯᠠᠨ ᠬᠢᠨᠠᠨ ᠪᠠᠶᠢᠴᠠᠭᠠᠵᠤ ᠭᠥᠯᠢᠶᠡᠨ ᠠᠪᠴᠤ ᠰᠢᠢᠳᠪᠦᠷᠢᠯᠡᠵᠦ ᠪᠣᠯᠣᠨ᠎ᠠ᠃ ᠡᠭᠦᠨ ᠤ ᠬᠠᠮᠲᠤ᠂ ᠰᠦᠯᠵᠢᠶᠡᠨ ᠳᠡᠭᠡᠷ᠎ᠡ ᠨᠡᠶᠢᠳᠡᠮ   ᠭᠦᠢᠴᠡᠳᠬᠡᠬᠦ ᠲᠤᠰᠬᠠᠢ  ᠲᠣᠭᠤᠷᠢᠭ ᠲᠠᠢ ᠬᠠᠷᠢᠯᠴᠠᠨ ᠨᠥᠬᠦᠪᠦᠷᠢᠯᠡᠵᠦ᠂ ᠣᠨᠳᠣᠣ ᠭᠠᠵᠠᠷ ᠲᠤ ᠠᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠪᠠ ᠨᠠᠷᠢᠯᠢᠭ ᠣᠨᠣᠴᠠᠲᠠᠢ ᠴᠢᠨᠠᠷ ᠢ ᠳᠡᠭᠡᠭᠰᠢᠯᠡᠭᠦᠯᠦᠨ᠂ ᠪᠤᠴᠠᠭᠠᠬᠤ ᠵᠦᠢᠯ ᠢ  ᠪᠠᠭᠠᠰᠬᠠᠵᠠᠢ᠂ ᠡᠭᠦᠨ ᠤ ᠬᠠᠮᠲᠤ ᠰᠦᠯᠵᠢᠶᠡᠨ ᠭᠠᠳᠠᠨᠠᠬᠢ ᠨᠡᠶᠢᠳᠡᠮ ᠭᠦᠢᠴᠡᠳᠬᠡᠬᠦ ᠲᠤᠰᠬᠠᠢ ᠴᠣᠩᠬᠤ ᠪᠠᠷ ᠭᠤᠶᠤᠴᠢᠯᠠᠭᠴᠢ ᠣᠨᠳᠣᠣ ᠭᠠᠵᠠᠷ ᠤᠨ ᠬᠢᠨᠠᠨ ᠵᠥᠪᠰᠢᠶᠡᠷᠡᠬᠦ ᠠᠵᠢᠯᠲᠠᠨ ᠲᠠᠢ ︽ᠨᠢᠭᠤᠷᠲᠠᠨ︾  ᠶᠠᠷᠢᠯᠴᠠᠬᠤ ᠳᠤ ᠨᠢ ᠵᠢᠯᠤᠭᠤᠳᠬᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠣᠯᠠᠨ ᠲᠦᠮᠡᠨ ᠤ ᠣᠨᠳᠣᠣ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠲᠤᠬᠠᠢ ᠣᠶᠢᠯᠠᠭᠠᠯᠲᠠ ᠪᠠ  ᠬᠠᠨᠤᠮᠵᠢ ᠶᠢᠨ ᠬᠡᠮᠵᠢᠶ᠎ᠡ ᠶᠡᠭᠡ ᠪᠠᠷ ᠳᠡᠭᠡᠭᠰᠢᠯᠡᠭᠰᠡᠨ ᠪᠠᠶᠢᠨ᠎ᠠ᠃      ᠬᠤᠶᠠᠷ ᠵᠢᠯ ᠭᠠᠷᠤᠢ ᠶᠢᠨ ᠴᠢᠷᠮᠠᠶᠢᠯᠭ᠎ᠠ ᠪᠠᠷ ᠳᠡᠮᠵᠢᠨ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠳᠥᠷᠪᠡᠨ ᠬᠤᠲᠠ ᠳᠤ ᠨᠡᠶᠢᠳᠡᠮ ᠭᠦᠢᠴᠡᠳᠬᠡᠬᠦ︾ ᠠᠵᠢᠯ ᠢ ︽ᠭᠦᠢᠴᠡᠳᠬᠡᠵᠦ ᠳᠡᠶᠢᠯᠬᠦ︾ ᠪᠠᠶᠢᠭᠰᠠᠨ ᠠᠴᠠ ︽ᠭᠦᠢᠴᠡᠳᠬᠡᠬᠦ ᠳᠤ ᠠᠮᠠᠷ︾ ︽  ᠭᠦᠢᠴᠡᠳᠬᠡᠬᠦ ᠳᠤ ᠲᠦᠭᠦᠮ︾ ︽ᠲᠦᠷᠭᠡᠨ ᠭᠦᠢᠴᠡᠳᠬᠡᠬᠦ︾ ᠳᠠᠰᠢ ᠠᠯᠬᠤᠮ ᠠᠯᠬᠤᠮ ᠢᠶᠠᠷ ᠬᠤᠪᠢᠷᠠᠭᠤᠯᠵᠤ᠂ ᠭᠤᠶᠤᠴᠢᠯᠠᠨ ᠭᠦᠢᠴᠡᠳᠭᠡᠭᠴᠢ ᠶᠢᠨ ᠭᠦᠢᠴᠡᠳᠬᠡᠬᠦ ᠴᠠᠭ ᠢ ᠪᠦᠲᠦᠮᠵᠢᠲᠡᠶ ᠪᠣᠭᠤᠨᠢᠰᠬᠠᠵᠤ᠂ ᠠᠵᠢᠯ ᠶᠠᠪᠤᠳᠠᠯ ᠭᠦᠢᠴᠡᠳᠬᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ