9 ᠳ᠋ᠤᠭᠡᠷ ᠰᠠᠷ᠎ᠠ ᠶᠢᠨ 14 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/15
      9 ᠳ᠋ᠤᠭᠡᠷ ᠰᠠᠷ᠎ᠠ ᠶᠢᠨ 14 ᠤ ᠡᠳᠦᠷ ᠤᠨ 0  ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 7  ᠨᠡᠮᠡᠭᠳᠡᠪᠡ᠂ ᠡᠭᠦᠨ ᠳᠤ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ ᠪᠣᠢ᠂ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ︶᠂ ᠤᠯᠠᠭᠠᠨᠬᠠᠳᠠ ᠬᠤᠲᠠ ᠳᠤ 2 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠵᠤ ᠬᠤᠪᠢᠷᠠᠭᠰᠠᠨ 1  ᠵᠢᠱᠢᠶ᠎ᠡ ᠶᠢ ᠪᠠᠭᠲᠠᠭᠠᠨ᠎ᠠ᠂ ᠡᠭᠦᠨ ᠳᠤ ᠬᠤᠩᠱᠠᠨ ᠲᠣᠭᠤᠷᠢᠭ ᠲᠤ 1 ᠪᠣᠢ᠂ ᠪᠢᠲᠡᠭᠦᠦ ᠴᠠᠭᠠᠷᠢᠭ ᠤᠨ ᠪᠤᠰᠤ ᠬᠠᠮᠢᠶᠠᠷᠤᠯᠲᠠ ᠳᠤ ᠪᠠᠶᠢᠬᠤ ᠬᠦᠮᠦᠰ ᠤᠨ ᠰᠢᠭᠰᠢᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ︔ ᠣᠩᠨᠢᠭᠤᠳ ᠬᠤᠰᠢᠭᠤᠨ ᠳᠤ 1 ᠪᠣᠢ᠂ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶᠂ ᠠᠯᠠᠱᠠ ᠠᠶᠢᠮᠠᠭ ᠲᠤ 4 ︵ᠴᠥᠮ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠤᠯᠠᠭᠰᠠᠨ ᠡᠪᠡᠳᠴᠢᠨ ᠤ ᠵᠢᠱᠢᠶ᠎ᠡ  ᠪᠣᠯᠵᠤ ᠬᠤᠪᠢᠷᠠᠪᠠ᠂ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶ ᠪᠣᠢ︔ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 10 ᠪᠣᠶ᠂ ᠡᠭᠦᠨ ᠳᠤ ᠤᠯᠠᠭᠠᠨᠬᠠᠳᠠ ᠬᠤᠲᠠ ᠳᠤ 1 ︵ᠰᠦᠩᠱᠠᠨ ᠲᠣᠭᠤᠷᠢᠭ ᠲᠤ ᠪᠣᠢ᠂ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶᠂ ᠠᠯᠠᠱᠠ ᠠᠶᠢᠮᠠᠭ ᠲᠤ 9 ︵1 ᠨᠢ ᠡᠵᠡᠨ᠎ᠡ ᠬᠤᠰᠢᠭᠤᠨ ᠳᠤ ᠪᠣᠢ᠂ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ︔ 8 ᠨᠢ ᠴᠡᠭᠡ ᠪᠣᠭᠤᠮᠲᠠ ᠳᠤ ᠪᠣᠢ᠂ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 10 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 2 ︵ᠴᠥᠮ ᠰᠢᠯᠢᠩᠬᠤᠲᠠ ᠳᠤ ᠪᠣᠶ︶᠂ ᠤᠯᠠᠭᠠᠨᠬᠠᠳᠠ ᠬᠤᠲᠠ ᠳᠤ 8 ︵ᠴᠥᠮ ᠣᠩᠨᠢᠭᠤᠳ ᠬᠤᠰᠢᠭᠤᠨ ᠳᠤ ᠪᠣᠶ︶ ᠪᠣᠢ᠂ ᠣᠷᠣᠨ ᠨᠤᠲᠤᠭ ᠤᠨ ᠡᠪᠡᠳᠴᠢᠨ ᠤ  ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 8  ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 4 ︵ᠰᠢᠯᠢᠩᠬᠤᠲᠠ ᠳᠤ 3᠂ ᠡᠷᠢᠶᠡᠨ ᠬᠤᠲᠠ ᠳᠤ 1 ᠪᠣᠢ︶᠂ ᠤᠯᠠᠭᠠᠨᠬᠠᠳᠠ ᠬᠤᠲᠠ ᠳᠤ 3 ︵ᠴᠥᠮ ᠣᠩᠨᠢᠭᠤᠳ ᠬᠤᠰᠢᠭᠤᠨ ᠳᠤ ᠪᠣᠶ︶᠂ ᠠᠯᠠᠱᠠ ᠠᠶᠢᠮᠠᠭ ᠲᠤ 1 ︵ᠴᠡᠭᠡ ᠪᠣᠭᠤᠮᠲᠠ ᠳᠤ ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 1 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ᠃      9 ᠳ᠋ᠤᠭᠡᠷ ᠰᠠᠷ᠎ᠠ ᠶᠢᠨ 14 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 309 ᠪᠣᠢ᠂ ᠡᠭᠦᠨ ᠳᠤ ᠬᠥᠬᠡᠬᠤᠲᠠ ᠳᠤ 3 ︵ᠴᠥᠮ ᠬᠦᠷᠴᠦ ᠢᠷᠡᠭᠰᠡᠨ ᠲᠤᠬᠠᠢ ᠶᠢᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠭᠰᠠᠨ ᠬᠦᠮᠦᠨ ᠵᠢᠴᠢ ᠣᠶᠢᠷ᠎ᠠ ᠬᠠᠪᠢᠳᠠᠯ︶᠂ ᠬᠥᠯᠥᠨ ᠪᠤᠶᠢᠷ ᠬᠤᠲᠠ ᠳᠤ 3 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 269 ︵ᠬᠤᠩᠱᠠᠨ ᠲᠣᠭᠤᠷᠢᠭ ᠲᠤ 7᠂ ᠰᠦᠩᠱᠠᠨ ᠲᠣᠭᠤᠷᠢᠭ ᠲᠤ 110᠂ ᠣᠩᠨᠢᠭᠤᠳ ᠬᠤᠰᠢᠭᠤᠨ ᠳᠤ 151᠂ ᠠᠷᠤ ᠬᠤᠷᠴᠢᠨ ᠬᠤᠰᠢᠭᠤᠨ ᠳᠤ 1 ᠪᠣᠢ︶᠂ ᠰᠢᠯᠢ ᠶᠢᠨ ᠭᠤᠣᠯ ᠠᠶᠢᠮᠠᠭ ᠲᠤ 30 ︵ᠰᠢᠯᠢᠩᠬᠤᠲᠠ ᠳᠤ 23᠂ ᠡᠷᠢᠶᠡᠨ ᠬᠤᠲᠠ ᠳᠤ 7 ᠪᠣᠢ︶᠂ ᠠᠯᠠᠱᠠ ᠠᠶᠢᠮᠠᠭ ᠲᠤ 4 ︵ᠴᠦᠮ ᠴᠡᠭᠡ ᠪᠣᠭᠤᠮᠲᠠ ᠳᠤ ᠪᠣᠶ︶ ᠪᠣᠢ᠂  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 386 ᠪᠣᠶ᠂ ᠡᠭᠦᠨ ᠳᠤ ᠬᠥᠬᠡᠬᠤᠲᠠ ᠳᠤ 1 ︵ᠬᠦᠷᠴᠦ ᠢᠷᠡᠭᠰᠡᠨ ᠲᠤᠬᠠᠢ ᠶᠢᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠭᠰᠠᠨ ᠬᠦᠮᠦᠨ ᠤ ᠣᠶᠢᠷ᠎ᠠ ᠬᠠᠪᠢᠳᠠᠯ︶᠂ ᠤᠯᠠᠭᠠᠨᠬᠠᠳᠠ ᠬᠤᠲᠠ ᠳᠤ 305 ︵ᠬᠤᠩᠱᠠᠨ ᠲᠣᠭᠤᠷᠢᠭ ᠲᠤ 9᠂ ᠰᠦᠩᠱᠠᠨ ᠲᠣᠭᠤᠷᠢᠭ ᠲᠤ 97᠂ ᠣᠩᠨᠢᠭᠤᠳ ᠬᠤᠰᠢᠭᠤᠨ ᠳᠤ 199 ᠪᠣᠢ︶᠂ ᠰᠢᠯᠢ ᠶᠢᠨ ᠭᠤᠣᠯ ᠠᠶᠢᠮᠠᠭ ᠲᠤ 43 ︵ᠰᠢᠯᠢᠩᠬᠤᠲᠠ ᠳᠤ 30᠂ ᠡᠷᠢᠶᠡᠨ ᠬᠤᠲᠠ ᠳᠤ 13 ᠪᠣᠢ︶᠂ ᠪᠠᠶᠠᠨᠨᠠᠭᠤᠷ ᠬᠤᠲᠠ ᠳᠤ 5 ︵ᠴᠥᠮ ᠯᠢᠨ ᠡᠾᠧ ᠲᠣᠭᠤᠷᠢᠭ ᠲᠤ ᠪᠣᠶ︶᠂ ᠠᠯᠠᠱᠠ ᠠᠶᠢᠮᠠᠭ ᠲᠤ 32 ︵ᠡᠵᠡᠨ᠎ᠡ ᠬᠤᠰᠢᠭᠤᠨ ᠳᠤ 1᠂ ᠴᠡᠭᠡ ᠪᠣᠭᠤᠮᠲᠠ ᠳᠤ 31 ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 3᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ  ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ  ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ