ᠴᠢᠩ ᠱᠦᠢ ᠾᠧ ᠰᠢᠶᠠᠨ 2022 ᠣᠨ ᠤ ᠨᠠᠮᠤᠷ ᠤᠨ ᠤᠯᠠᠷᠢᠯ ᠤᠨ ᠴᠡᠷᠢᠭ ᠲᠤ ᠣᠷᠣᠬᠤ ᠰᠢᠨ᠎ᠡ ᠴᠡᠷᠢᠭ ᠢ ᠦᠳᠡᠨ ᠮᠣᠷᠳᠠᠭᠤᠯᠬᠤ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2022/9/16
清水河县举办2022年秋季入伍新兵欢送大会1.jpg
     9 ᠳ᠋ᠦ᠋ᠭᠡᠷ ᠰᠠᠷ᠎ᠠ ᠶᠢᠨ 15  ᠤ ᠡᠳᠦᠷ᠂ ᠴᠢᠩ ᠱᠦᠢ ᠾᠧ ᠰᠢᠶᠠᠨ 2022 ᠣᠨ ᠤ ᠨᠠᠮᠤᠷ ᠤᠨ ᠤᠯᠠᠷᠢᠯ ᠤᠨ ᠴᠡᠷᠢᠭ ᠲᠤ ᠣᠷᠣᠬᠤ ᠰᠢᠨ᠎ᠡ ᠴᠡᠷᠢᠭ ᠢ ᠦᠳᠡᠨ ᠮᠣᠷᠳᠠᠭᠤᠯᠬᠤ ᠶᠡᠭᠡ ᠬᠤᠷᠠᠯ ᠬᠢᠪᠡ᠃
清水河县举办2022年秋季入伍新兵欢送大会2.jpg
      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ᠂ ᠰᠢᠶᠠᠨ ᠤ ᠴᠡᠷᠢᠭ ᠡᠯᠰᠡᠬᠦ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠰᠢᠶᠠᠨ ᠤ ᠴᠡᠷᠢᠭ ᠡᠯᠰᠡᠬᠦ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠢᠩ ᠾᠦ᠋ᠸᠧ ᠶᠤᠸᠠᠨ ᠵᠢᠴᠢ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠣᠯᠣᠨ ᠡᠯ᠎ᠡ ᠰᠢᠶᠠᠩ ᠪᠠᠯᠭᠠᠰᠤᠨ ᠤ ᠲᠤᠰᠬᠠᠢ ᠮᠡᠷᠭᠡᠵᠢᠯ ᠤᠨ ᠺᠠᠳ᠋ᠷ᠂ ᠴᠡᠷᠢᠭ ᠲᠤ ᠣᠷᠣᠭᠰᠠᠨ ᠰᠢᠨ᠎ᠡ ᠴᠡᠷᠢᠭ ᠤᠨ ᠭᠡᠷ ᠤᠨ ᠠᠬᠠᠮᠠᠳ ᠦᠳᠡᠨ ᠮᠣᠷᠳᠠᠭᠤᠯᠬᠤ ᠶᠡᠭᠡ ᠬᠤᠷᠠᠯ ᠳᠤ ᠣᠷᠣᠯᠴᠠᠪᠠ᠃
清水河县举办2022年秋季入伍新兵欢送大会3.jpg
      ᠬᠤᠷᠠᠯ ᠠᠴᠠ ᠴᠢᠬᠤᠯᠠᠴᠢᠯᠠᠭᠰᠠᠨ ᠨᠢ᠂ ᠴᠡᠷᠢᠭ ᠲᠤ ᠡᠯᠰᠡᠭᠳᠡᠭᠰᠡᠨ ᠪᠦᠬᠦ ᠰᠢᠨ᠎ᠡ ᠴᠡᠷᠢᠭ ᠡᠬᠡ ᠤᠯᠤᠰ ᠢᠶᠠᠨ ᠬᠠᠮᠠᠭᠠᠯᠠᠬᠤ ᠴᠢᠳᠠᠪᠤᠷᠢ ᠪᠠᠨ ᠪᠦᠬᠦ ᠲᠠᠯ᠎ᠠ ᠪᠠᠷ ᠴᠢᠩᠭᠠᠳᠬᠠᠵᠤ᠂ ᠥᠪᠡᠷ ᠢ ᠪᠠᠨ ᠨᠠᠮ ᠤᠨ ᠵᠢᠯᠣᠭᠤᠳᠤᠯᠭ᠎ᠠ ᠶᠢ ᠲᠠᠭᠠᠬᠤ᠂ ᠢᠯᠠᠭᠤᠭᠰᠠᠨ ᠳᠠᠶᠢᠨ ᠬᠢᠵᠦ ᠴᠢᠳᠠᠬᠤ᠂ ᠰᠤᠷᠲᠠᠯ ᠰᠢᠯᠢᠳᠡᠭ ᠰᠠᠶᠢᠨ ᠬᠢᠷᠢ ᠲᠡᠩᠴᠡᠭᠰᠡᠨ ᠴᠡᠷᠢᠭ ᠪᠣᠯᠭᠠᠨ ᠬᠥᠮᠥᠵᠢᠭᠦᠯᠬᠦ ᠪᠠᠷ ᠴᠢᠷᠮᠠᠶᠢᠵᠤ᠂ ᠢᠷᠠᠭᠤ ᠠᠯᠳᠠᠷ ᠢ ᠢᠯᠡᠭᠦᠬᠡᠨ ᠲᠡᠮᠡᠴᠡᠨ ᠣᠯᠵᠤ᠂ ᠰᠢᠨ᠎ᠡ ᠭᠠᠪᠢᠶ᠎ᠠ ᠢᠯᠡᠭᠦᠬᠡᠨ ᠪᠠᠶᠢᠭᠤᠯᠵᠤ᠂ ᠨᠠᠮ ᠪᠣᠯᠣᠨ ᠠᠷᠠᠳ ᠲᠦᠮᠡᠨ ᠠᠴᠠ ᠳᠠᠭᠠᠭᠠᠯᠭᠠᠭᠰᠠᠨ ᠲᠠᠷᠬᠠᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠲᠠᠭᠠᠨ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠡᠢ᠃
清水河县举办2022年秋季入伍新兵欢送大会4.jpg
      ᠬᠤᠷᠠᠯ ᠳᠡᠭᠡᠷ᠎ᠡ᠂ ᠰᠢᠨ᠎ᠡ ᠴᠡᠷᠢᠭ ᠤᠨ ᠭᠡᠷ ᠤᠨ ᠠᠬᠠᠮᠠᠳ ᠤᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠴᠠ ᠴᠡᠷᠢᠭ ᠲᠤ ᠣᠷᠣᠭᠰᠠᠨ ᠰᠢᠨ᠎ᠡ ᠴᠡᠷᠢᠭ ᠤᠨ ᠭᠡᠷ ᠤᠨ ᠠᠬᠠᠮᠠᠳ ᠲᠤ ︽ᠢᠷᠠᠭᠤ ᠠᠯᠳᠠᠷ ᠤᠨ ᠫᠠᠶᠢᠰᠠ︾ ᠣᠯᠭᠤᠪᠠ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ