ᠬᠤᠷᠢᠨᠭᠡᠷ ᠰᠢᠶᠠᠨ ᠤ ᠬᠢᠨ ᠢᠷᠠᠭᠤ ᠠᠯᠳᠠᠷ ᠤᠨ ᠫᠠᠶᠢᠰᠠ ᠶᠢ ᠲᠥᠪᠯᠡᠷᠡᠭᠦᠯᠦᠨ ᠡᠯᠭᠦᠬᠦ ᠶᠣᠰᠣᠯᠠᠯ ᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2022/9/16
      ᠴᠡᠷᠢᠭ ᠬᠥᠮᠦᠨ ᠤ ᠢᠷᠠᠭᠤ ᠠᠯᠳᠠᠷ ᠤᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠨᠠᠮ ᠪᠠ ᠵᠠᠰᠠᠭ ᠤᠨ ᠣᠷᠳᠣᠨ ᠠᠴᠠ ᠴᠡᠷᠢᠭ ᠤᠨ ᠬᠥᠮᠦᠨ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ᠂ ᠴᠡᠷᠢᠭ ᠤᠨ ᠬᠥᠮᠦᠨ ᠢ ᠬᠦᠨᠳᠦᠳᠬᠡᠬᠦ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠬᠤ ᠶᠢᠨ ᠲᠤᠰᠠᠳᠠ᠂ 9 ᠰᠠᠷ᠎ᠠ ᠶᠢᠨ 15 ᠤ ᠡᠳᠦᠷ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠬᠢᠨ ᠬᠤᠷᠢᠨᠭᠡᠷ ᠰᠢᠶᠠᠨ ᠤ ᠰᠢᠨ᠎ᠡ ᠴᠡᠷᠢᠭ ᠤᠨ ᠪᠣᠯᠪᠠᠰᠤᠷᠠᠯ ᠤᠨ ᠰᠠᠭᠤᠷᠢᠨ ᠭᠠᠵᠠᠷ ᠲᠤ ᠬᠦᠷᠴᠦ ᠢᠷᠠᠭᠤ ᠠᠯᠳᠠᠷ ᠤᠨ ᠫᠠᠶᠢᠰᠠ ᠶᠢ ᠲᠥᠪᠯᠡᠷᠡᠭᠦᠯᠦᠨ ᠡᠯᠭᠦᠬᠦ ᠶᠣᠰᠣᠯᠠᠯ ᠶᠠᠪᠤᠭᠤᠯᠪᠠ᠃      ᠴᠡᠷᠢᠭ ᠤᠨ ᠭᠡᠷ ᠪᠦᠯᠢ ᠳᠤ ᠢᠷᠠᠭᠤ ᠠᠯᠳᠠᠷ ᠤᠨ ᠫᠠᠶᠢᠰᠠ ᠶᠢ ᠲᠥᠪᠯᠡᠷᠡᠭᠦᠯᠦᠨ ᠡᠯᠭᠦᠬᠦ ᠪᠣᠯ ᠨᠠᠮ ᠤᠨ ᠲᠥᠪ ᠬᠤᠷᠢᠶ᠎ᠠ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠨᠢ ᠬᠠᠷᠠᠭᠠᠯᠵᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠬᠤ᠂ ᠴᠡᠷᠢᠭ ᠤᠨ ᠬᠥᠮᠦᠨ ᠤ ᠢᠷᠠᠭᠤ ᠠᠯᠳᠠᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠪᠠᠶᠢᠷᠢᠯᠠᠭᠤᠯᠤᠯᠲᠠ ᠶᠣᠰᠣᠭᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠢᠷᠠᠭᠤ ᠠᠯᠳᠠᠷ ᠤᠨ ᠫᠠᠶᠢᠰᠠ ᠡᠯᠭᠦᠵᠦ᠂ ᠢᠷᠠᠭᠤ ᠠᠯᠳᠠᠷ ᠤᠨ ᠦᠯᠢᠭᠡᠷ ᠢ ᠰᠠᠶᠢᠲᠤᠷ ᠶᠠᠷᠢᠵᠤ᠂ ᠪᠠᠭᠠᠲᠤᠷᠯᠢᠭ ᠦᠯᠢᠭᠡᠷ᠂ ᠢᠷᠠᠭᠤ ᠠᠯᠳᠠᠷ ᠤᠨ ᠦᠢᠯᠡ ᠠᠵᠢᠯᠯᠠᠭ᠎ᠠ ᠪᠠᠷ ᠬᠥᠮᠦᠰ ᠢ ᠨᠥᠯᠥᠭᠡᠯᠡᠵᠦ᠂ ᠬᠥᠮᠦᠰ ᠢ ᠵᠣᠷᠢᠭᠵᠢᠭᠤᠯᠵᠤ᠂ ᠪᠦᠬᠦ ᠨᠡᠶᠢᠭᠡᠮ ᠳᠤ ᠴᠡᠷᠢᠭ ᠤᠨ ᠬᠥᠮᠦᠨ ᠢ ᠬᠦᠨᠳᠦᠳᠬᠡᠵᠦ᠂ ᠪᠠᠭᠠᠲᠤᠷᠴᠤᠳ ᠢ ᠬᠦᠨᠳᠦᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠦᠷᠭᠦᠯᠵᠢᠯᠡᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠡᠯᠪᠡᠷᠢ ᠶᠢᠨ ᠡᠭᠦᠳᠦᠨ ᠪᠠᠶᠢᠭᠤᠯᠬᠤ ᠪᠠᠷᠢᠮᠵᠢᠶ᠎ᠠ ᠶᠣᠰᠣᠭᠠᠷ᠂ ︽ᠳᠥᠷᠪᠡ ᠲᠠᠪᠤ ᠵᠢᠷᠭᠤᠭ᠎ᠠ︾ ᠶᠢᠨ ᠠᠵᠢᠯ ᠤᠨ ᠠᠷᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠬᠤᠷᠢᠨᠭᠡᠷ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠰᠢᠨ᠎ᠡ ᠪᠠᠶᠢᠳᠠᠯ ᠢ ᠲᠦᠷᠭᠡᠳᠬᠡᠨ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠣᠭᠲᠣᠬᠤ ᠪᠣᠯᠣᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ