ᠬᠤᠷᠢᠨᠭᠡᠷ ᠰᠢᠶᠠᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/16
9.16和林格尔县召开残疾人联合会第八次代表大会.jpg
      9 ᠰᠠᠷ᠎ᠠ ᠶᠢᠨ 15 ᠤ ᠡᠳᠦᠷ᠂ ᠬᠤᠷᠢᠨᠭᠡᠷ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠬᠤᠳᠠ ᠶᠢᠨ ᠵᠡᠮᠳᠡᠭᠴᠦᠳ ᠤᠨ ᠬᠤᠯᠪᠣᠭ᠎ᠠ ᠶᠢᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠸᠧᠨ ᠶᠠᠨ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠰᠢᠶᠠᠨ ᠤ ᠤᠳᠤᠷᠢᠳᠤᠯᠭ᠎ᠠ ᠭᠤᠤ ᠹᠧᠩ᠂ ᠵᠠᠩ ᠴᠢᠤᠸᠠᠨ ᠱᠧᠩ᠂ ᠸᠠᠩ ᠯᠠᠢ ᠵᠦ᠂ ᠸᠠᠩ ᠪᠦᠦ ᠫᠢᠩ᠂ ᠨᠢᠦ ᠵᠢᠶᠦ᠋ᠨ᠂ ᠮᠠ ᠸᠧᠨ ᠵᠢᠩ᠂ ᠸᠠᠩ ᠸᠧᠢ ᠬᠤᠸᠠ᠂ ᠫᠦ᠋ ᠰᠢ ᠸᠠᠨ᠂ ᠪᠠᠢ ᠬᠤᠤ᠂ ᠮᠠ ᠵᠢᠶᠦ᠋ᠨ ᠸᠧᠢ ᠬᠤᠷᠠᠯ ᠳᠤ ᠣᠷᠣᠯᠴᠠᠪᠠ᠃      ᠶᠡᠭᠡ ᠬᠤᠷᠠᠯ ᠠᠴᠠ ᠮᠠᠨ ᠤ ᠰᠢᠶᠠᠨ ᠤ ᠵᠡᠮᠳᠡᠭᠴᠦᠳ ᠤᠨ ᠦᠢᠯᠡᠰ ᠤᠨ ᠥᠩᠭᠡᠷᠡᠭᠰᠡᠨ ᠲᠠᠪᠤᠨ ᠵᠢᠯ ᠳᠤ ᠣᠯᠤᠭᠰᠠᠨ ᠠᠮᠵᠢᠯᠲᠠ ᠶᠢ ᠡᠷᠭᠢᠴᠡᠭᠦᠯᠵᠦ᠂ ᠬᠤᠶᠢᠰᠢᠳᠠ ᠶᠢᠨ ᠲᠠᠪᠤᠨ ᠵᠢᠯ ᠤᠨ ᠵᠡᠮᠳᠡᠭᠴᠦᠳ ᠤᠨ ᠦᠢᠯᠡᠰ ᠢ ᠲᠥᠯᠥᠪᠵᠢᠭᠦᠯᠪᠡ᠃ ᠬᠤᠷᠠᠯ ᠠᠴᠠ ᠪᠠᠢ ᠬᠤᠤ ᠶᠢ ᠬᠤᠷᠢᠨᠭᠡᠷ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠬᠦᠮ ᠤᠨ ᠲᠡᠷᠢᠭᠦᠯᠡᠭᠴᠢ ᠪᠠᠷ ᠰᠣᠩᠭᠤᠵᠤ᠂ ᠬᠤᠷᠠᠯ ᠠᠴᠠ ᠸᠠᠩ ᠪᠦᠦ ᠫᠢᠩ ᠢ ᠬᠤᠷᠢᠨᠭᠡᠷ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠨᠡᠷ᠎ᠡ ᠬᠦᠨᠳᠦᠲᠦ ᠲᠡᠷᠢᠭᠦᠯᠡᠭᠴᠢ ᠪᠠᠷ ᠤᠷᠢᠵᠤ᠂ ᠮᠠ ᡁᠢ ᠪᠢᠨ᠂ ᠮᠠ ᠵᠢᠶᠦ᠋ᠨ ᠸᠧᠢ ᠶᠢ ᠨᠡᠷ᠎ᠡ ᠬᠦᠨᠳᠦᠲᠦ ᠳᠡᠳ᠋ ᠲᠡᠷᠢᠭᠦᠯᠡᠭᠴᠢ ᠪᠠᠷ ᠰᠣᠩᠭᠤᠪᠠ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠵᠡᠮᠳᠡᠭᠴᠦᠳ ᠤᠨ ᠦᠢᠯᠡᠰ ᠢ ᠦᠷᠭᠦᠯᠵᠢᠯᠡᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠣᠷᠣᠭᠤᠯᠵᠤ᠂ ᠵᠡᠮᠳᠡᠭᠴᠦᠳ ᠤᠨ ᠦᠢᠯᠡᠰ ᠢ ᠬᠥᠭᠵᠢᠭᠦᠯᠬᠦ ᠨᠡᠩ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠨᠡᠩ ᠰᠠᠶᠢᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠡᠯ᠎ᠡ ᠨᠢᠭᠡᠴᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠡᠮᠦᠨ᠎ᠡ ᠹᠷᠣᠨᠲ ᠤᠨ ᠠᠵᠢᠯ ᠤᠨ ᠠᠷᠭ᠎ᠠ ᠶᠢ ᠶᠡᠬᠡᠪᠡᠷ ᠬᠡᠷᠡᠭᠵᠢᠭᠦᠯᠵᠦ᠂ ᠵᠡᠮᠳᠡᠭᠴᠦᠳ ᠤᠨ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠲᠣᠭᠤᠷᠢᠭ ᠤᠨ ᠵᠡᠮᠳᠡᠭᠴᠦᠳ ᠤᠨ ᠨᠡᠶᠢᠭᠡᠮᠯᠢᠭ ᠤᠨ ᠪᠠᠶᠢᠭᠤᠯᠤᠯᠲᠠ ᠶᠢ ᠪᠠᠬᠢᠵᠢᠭᠦᠯᠬᠦ ᠵᠢᠴᠢ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠤᠯᠠᠨ ᠡᠰᠢᠴᠢᠯᠡᠭᠰᠡᠨ ᠨᠡᠶᠢᠭᠡᠮ ᠤᠨ ᠵᠡᠮᠳᠡᠭᠴᠦᠳ ᠢ ᠬᠠᠪᠰᠤᠷᠴᠤ ᠬᠠᠪᠰᠤᠷᠤᠨ ᠲᠡᠳᠬᠦᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠡᠮᠳᠡᠭᠴᠦᠳ ᠤᠨ ᠡᠯ᠎ᠡ ᠵᠦᠢᠯ ᠤᠨ ᠦᠢᠯᠡᠰ ᠤᠨ ᠨᠡᠩ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠲᠠᠷᠠᠭᠠᠴᠢ ᠶᠢᠨ ᠱᠠᠲᠤᠨ ᠳᠤ ᠮᠠᠨ ᠤ ᠰᠢᠶᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠵᠡᠮᠳᠡᠭᠴᠦᠳ ᠤᠨ ᠠᠮᠢᠳᠤᠷᠠᠯ ᠤᠨ ᠣᠳᠣᠬᠢ ᠪᠠᠶᠢᠳᠠᠯ ᠢ ᠦᠨᠡᠨ ᠬᠦ ᠰᠠᠶᠢᠵᠢᠷᠠᠭᠤᠯᠤᠨ᠎ᠠ︔ ᠲᠥᠷᠥ ᠶᠢᠨ ᠪᠣᠳᠣᠯᠭ᠎ᠠ ᠶᠢᠨ ᠲᠡᠳᠬᠦᠨ ᠳᠡᠮᠵᠢᠬᠦ ᠠᠷᠭ᠎ᠠ ᠵᠠᠮ ᠢ ᠥᠷᠭᠡᠳᠬᠡᠬᠦ ᠶᠢ ᠪᠠᠷᠢᠮᠲᠠᠯᠠᠵᠤ᠂ ᠵᠡᠮᠳᠡᠭᠴᠦᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠶᠢ ᠦᠨᠡᠨ ᠬᠦ ᠠᠬᠢᠭᠤᠯᠤᠨ᠎ᠠ︔ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡ ᠶᠢ ᠦᠨᠡᠨᠬᠦ ᠴᠢᠩᠭᠠᠳᠬᠠᠬᠤ ᠬᠡᠷᠡᠭᠲᠡᠢ︔ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔ ᠵᠡᠮᠳᠡᠭᠴᠣᠳ ᠢ ᠲᠤᠰᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠪᠠᠷᠢᠮᠲᠠᠯᠠᠵᠤ᠂ ᠪᠦᠯᠬᠦᠮᠳᠡᠨ ᠬᠠᠪᠰᠤᠷᠤᠯᠴᠠᠬᠤ ᠨᠡᠶᠢᠭᠡᠮ ᠤᠨ ᠬᠡᠪ ᠰᠤᠷᠲᠠᠯ ᠢ ᠦᠨᠡᠨ ᠬᠦ ᠪᠠᠳᠠᠷᠠᠭᠤᠯᠵᠤ᠂ ᠵᠡᠮᠳᠡᠭᠴᠦᠳ ᠤᠨ ᠦᠢᠯᠡᠰ ᠤᠨ ᠰᠢᠨ᠎ᠡ ᠡᠬᠢᠯᠡᠯᠲᠡ ᠶᠢᠨ ᠴᠡᠭ ᠠᠴᠠ ᠲᠠᠰᠤᠷᠠᠯᠳᠠ ᠦᠭᠡᠢ ᠬᠥᠭᠵᠢᠬᠦ ᠶᠢ ᠠᠬᠢᠭᠤᠯᠵᠤ᠂ ᠵᠡᠮᠳᠡᠭᠴᠦᠳ ᠤᠨ ᠦᠢᠯᠡᠰ ᠤᠨ ᠴᠣ᠋ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ