︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠵᠤ ᠰᠢᠨ᠎ᠡ ᠠᠶᠠᠨ  ᠳᠤ ᠡᠷᠡᠮᠡᠬᠡᠶᠢᠯᠡᠨ ᠤᠷᠤᠭᠰᠢᠯᠠᠶ᠎ᠠ︾ ᠬᠥᠬᠡᠬᠤᠲᠠ ᠶᠢᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠡᠬᠢᠯᠡᠪᠡ
ᠨᠡᠶᠢᠲᠡᠯᠡᠭᠰᠡᠨ ᠴᠠᠭ᠄
2022/9/16
      ︵ᠰᠤᠷᠪᠤᠯᠵᠢᠯᠠᠭᠴᠢ ᠸᠠᠩ ᠵᠦᠩ ᠵᠸᠦ︶ 9 ᠳ᠋ᠤᠭᠡᠷ ᠰᠠᠷ᠎ᠠ ᠶᠢᠨ 15 ᠤ ᠡᠳᠦᠷ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠬᠠᠮᠠᠳ ᠺᠠᠳ᠋ᠷᠴᠤᠳ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠬᠤᠳᠠ ᠶᠢᠨ ᠠᠬᠠᠮᠠᠳ ᠺᠠᠳ᠋ᠷᠴᠤᠳ ᠤᠨ ᠠᠵᠢᠯᠯᠠᠭ᠎ᠠ ᠶᠢᠨ ᠲᠥᠪ᠂ ᠬᠤᠳᠠ ᠶᠢᠨ ᠨᠠᠰᠤᠲᠠᠶᠢᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ︾ ᠶᠢᠨ ᠭᠤᠣᠯ ᠰᠡᠳᠦᠪᠲᠦ ᠠᠵᠢᠯᠯᠠᠭ᠎ᠠ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠶ᠎ᠠ︾ ᠬᠥᠬᠡᠬᠤᠲᠠ ᠶᠢᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠬᠤᠳᠠ ᠶᠢᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠠᠰᠠᠷ ᠤᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠬᠠᠮᠠᠳ ᠺᠠᠳ᠋ᠷᠴᠤᠳ ᠤᠨ ᠲᠣᠪᠴᠢᠶ᠎ᠠ ᠶᠢᠨ ᠳᠡᠳ᠋ ᠳᠠᠷᠤᠭ᠎ᠠ ᠵᠣᠣ ᠰᠢᠤᠸᠠᠢ ᠳ᠋ᠦᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠠᠩ ᠵᠢᠩ ᠮᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠤᠷᠠᠨ ᠪᠢᠴᠢᠯᠭᠡᠲᠡᠨ ᠤ ᠨᠡᠶᠢᠭᠡᠮᠯᠢᠭ ᠤᠨ ᠳᠠᠷᠤᠭ᠎ᠠ ᠰᠦᠸᠧ ᠶᠢᠩ ᠵᠢᠶᠦ᠋ᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠸᠧᠨ ᠭᠧ ᠦᠵᠡᠰᠬᠦᠯᠡᠩ ᠢ ᠰᠣᠨᠢᠷᠬᠠᠪᠠ᠃      ᠲᠣᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠪᠣᠯ ᠮᠠᠨ ᠤ ᠬᠤᠲᠠ  ᠶᠢᠨ ᠠᠵᠢᠯ  ᠠᠴᠠ ᠪᠠᠨ ᠳᠠᠷᠬᠠᠯᠠᠭᠳᠠᠭᠰᠠᠨ ᠠᠵᠢᠯ  ᠠᠴᠠ ᠪᠠᠨ ᠠᠮᠠᠷᠠᠭᠰᠠᠨ ᠺᠠᠳ᠋ᠷᠴᠤᠳ ᠤᠨ ︽ᠬᠤᠷᠢᠳᠤᠭᠠᠷ ᠶᠡᠭᠡ ᠬᠤᠷᠠᠯ  ᠢ ᠪᠠᠶᠠᠷᠯᠠᠨ ᠤᠭᠲᠤᠬᠤ︾ ᠰᠢᠷᠢᠰ ᠠᠵᠢᠯᠯᠠᠭ᠎ᠠ  ᠶᠢᠨ ᠨᠢᠭᠡ ᠠᠭᠤᠯᠭ᠎ᠠ ᠪᠣᠯᠣᠨ᠎ᠠ᠂ ᠲᠤᠬᠠᠢ  ᠶᠢᠨ ᠲᠠᠯᠠᠪᠠᠶ ᠳᠤ ᠨᠡᠶᠢᠲᠡ 132 ᠪᠦᠲᠦᠭᠡᠯ  ᠢ ᠳᠡᠯᠭᠡᠨ ᠦᠵᠡᠭᠦᠯᠵᠡᠢ᠂ ᠡᠭᠦᠨ ᠳᠤ 71 ᠤᠷᠠᠨ ᠪᠢᠴᠢᠯᠭᠡ  ᠶᠢᠨ ᠪᠦᠲᠦᠭᠡᠯ᠂ 61 ᠤᠷᠠᠨ ᠵᠢᠷᠤᠭ ᠤᠨ ᠪᠦᠲᠦᠭᠡᠯ ᠪᠠᠶᠢᠵᠤ᠂ ᠭᠤᠣᠯ ᠰᠡᠳᠦᠪ ᠨᠢ ᠲᠣᠪᠣᠶᠢᠮ᠎ᠠ᠂ ᠠᠭᠤᠯᠬᠤᠨ ᠨᠢ ᠪᠠᠶᠠᠯᠢᠭ᠂ ᠤᠷᠠᠯᠢᠭ ᠤᠨ ᠣᠨᠴᠠᠯᠢᠭ ᠢᠶᠠᠷ ᠢᠯᠡ ᠲᠣᠳᠣ ᠪᠠᠶᠢᠯ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ