ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠠᠯᠪᠠᠨ ᠭᠡᠷ ᠤᠯᠤᠰ ᠤᠨ  ᠶᠡᠷᠦᠩᠬᠡᠢ ᠠᠮᠤᠷ ᠲᠦᠪᠰᠢᠨ ᠤ ᠦᠵᠡᠯᠲᠡ ᠶᠢ ︽ᠳᠣᠯᠤᠭ᠎ᠠ  ᠳᠤ ᠣᠷᠣᠭᠤᠯᠬᠤ︾ ᠲᠤᠰᠬᠠᠢ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2022/9/16
      ︵ᠰᠤᠷᠪᠤᠯᠵᠢᠯᠠᠭᠴᠢ ᠶᠠᠩ ᠼᠠᠢ ᠰᠢᠶᠠ︶ 9 ᠳ᠋ᠤᠭᠡᠷ ᠰᠠᠷ᠎ᠠ ᠶᠢᠨ 15 ᠤ ᠡᠳᠦᠷ᠂ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠦᠢᠯᠡᠳᠦᠯᠭᠡᠵᠢᠭᠦᠯᠵᠦ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ︾ ᠬᠥᠬᠡᠬᠤᠲᠠ ᠶᠢᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ︽ᠲᠤᠯᠤᠭ᠎ᠠ ᠳᠤ ᠣᠷᠣᠭᠤᠯᠬᠤ︾ ᠲᠤᠰᠬᠠᠢ ᠠᠵᠢᠯᠯᠠᠭ᠎ᠠ ᠰᠠᠭᠤᠭ᠎ᠠ ᠭᠠᠵᠠᠷ ᠤᠨ ᠨᠢᠭᠡᠨ ᠴᠡᠷᠢᠭ ᠠᠩᠭᠢ ᠳᠤ ᠶᠠᠪᠤᠭᠳᠠᠪᠠ᠃      ᠠᠵᠢᠯᠯᠠᠭ᠎ᠠ ᠳᠤᠮᠳᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶ᠎ᠠ ᠶᠢᠨ ᠠᠯᠪᠠᠨ ᠭᠡᠷ ᠪᠣᠳᠠᠳᠠᠢ ᠲᠠᠢ ᠤᠶᠠᠯᠳᠤᠭᠤᠯᠤᠨ᠂ ᠤᠬᠠᠭᠤᠯᠬᠤ ᠠᠷᠭ᠎ᠠ ᠪᠠᠷᠢᠯ ᠳᠠᠭᠠᠨ ᠰᠢᠨ᠎ᠡ ᠶᠢ ᠡᠭᠦᠳᠴᠦ᠂ ᠬᠥᠮᠥᠵᠢᠭᠦᠯᠬᠦ ᠠᠷᠭ᠎ᠠ ᠬᠡᠯᠪᠡᠷᠢ ᠪᠠᠨ ᠠᠮᠢᠳᠤᠯᠢᠭ ᠪᠣᠯᠭᠠᠵᠤ᠂ ᠲᠤᠰᠬᠠᠢ ᠰᠡᠳᠦᠪᠲᠦ ᠲᠠᠶᠢᠯᠤᠮᠵᠢ᠂ ᠭᠤᠣᠯ ᠰᠡᠳᠦᠪᠲᠦ ᠲᠣᠭᠯᠠᠯᠲᠠ᠂ ᠵᠠᠷ ᠮᠡᠳᠡᠭᠡᠨ ᠤ ᠤᠬᠠᠭᠤᠯᠭ᠎ᠠ ᠵᠡᠷᠭᠡ ᠠᠷᠭ᠎ᠠ ᠬᠡᠯᠪᠡᠷᠢ ᠪᠠᠷ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠦᠨᠳᠦᠰᠦᠨ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ᠂ ᠴᠠᠭ ᠦᠶ᠎ᠡ ᠶᠢᠨ ᠠᠴᠢ ᠬᠤᠯᠪᠣᠭᠳᠠᠯ ᠢ ᠪᠦᠬᠦ ᠲᠠᠯ᠎ᠠ ᠪᠠᠷ ᠲᠠᠶᠢᠯᠪᠤᠷᠢᠯᠠᠵᠤ᠂ ᠳᠠᠷᠤᠭ᠎ᠠ ᠪᠠᠶᠢᠯᠳᠤᠭᠴᠢᠳ ᠢ ᠬᠦᠳᠦᠯᠦᠨ ᠵᠢᠯᠤᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠠᠴᠢ ᠬᠤᠯᠪᠣᠭᠳᠠᠯ ᠢ ᠣᠶᠢᠯᠠᠭᠠᠭᠤᠯᠵᠤ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠠ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠠᠷᠢᠯᠭᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠤᠯᠤᠰ ᠣᠷᠣᠨ ᠤ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠦᠨᠡᠨᠬᠦ ᠴᠢᠩᠭᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ  ᠲᠠᠢ ᠪᠠᠷ ᠬᠤᠷᠠᠯᠳᠤᠬᠤ ᠳᠤ ᠪᠦᠬᠦ ᠬᠦᠴᠦᠨ ᠢᠶᠠᠷ ᠢᠶᠠᠨ ᠪᠠᠲᠤᠯᠠᠭ᠎ᠠ ᠬᠠᠩᠭᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ