ᠪᠣᠣ ᠭᠠᠩ ᠮᠠᠨ ᠤ ᠬᠤᠳᠠ ᠶᠢᠨ ᠠᠮᠤᠷ ᠲᠦᠪᠰᠢᠨ ᠲᠣᠭᠲᠠᠭᠤᠨ᠂ ᠢᠯᠴᠢ ᠬᠠᠩᠭᠠᠬᠤ ᠪᠠᠲᠤᠯᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2022/9/16
      ︵ᠰᠤᠷᠪᠤᠯᠵᠢᠯᠠᠭᠴᠢ ᠶᠦᠨ ᠵᠢᠩ︶ 9 ᠳ᠋ᠤᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠮᠠᠨ ᠤ ᠬᠤᠳᠠ ᠶᠢᠨ ᠠᠮᠤᠷ ᠲᠦᠪᠰᠢᠨ ᠲᠣᠭᠲᠠᠭᠤᠨ᠂ ᠢᠯᠴᠢ ᠬᠠᠩᠭᠠᠬᠤ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠴᠢᠬᠤᠯᠠ ᠵᠠᠮ ᠬᠠᠷᠢᠯᠴᠠᠭᠠᠨ ᠤ ᠪᠠᠭᠤᠳᠠᠯ ᠦᠷᠳᠡᠭᠡ ᠪᠣᠯᠣᠨ ᠵᠠᠰᠠᠮᠠᠯ ᠵᠠᠮ ᠤᠨ ᠪᠠᠶᠢᠴᠠᠭᠠᠯᠲᠠ ᠶᠢᠨ ᠦᠷᠳᠡᠭᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠤᠳᠪᠠ᠃      ᠰᠢᠦᠢ ᠶᠠᠩ ᠢᠯᠴᠢ ᠶᠢᠨ ᠬᠦᠴᠦᠨ ᠤ ᠳᠤᠯᠠᠭᠠᠯᠭ᠎ᠠ ᠶᠢᠨ ᠬᠢᠵᠠᠭᠠᠷᠲᠤ ᠺᠣᠮᠫᠠᠨᠢ ᠶᠢᠨ ᠢᠯᠴᠢ ᠬᠠᠩᠭᠠᠵᠤ ᠪᠠᠶᠢᠭ᠎ᠠ ᠲᠠᠯᠠᠪᠠᠢ ᠪᠠᠷᠤᠭ 350 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 3 ᠲᠦᠮᠡ ᠭᠠᠷᠤᠢ ᠡᠷᠦᠬᠡ ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ ᠪᠠᠲᠤᠯᠠᠭ᠎ᠠ ᠳᠤ ᠬᠤᠯᠪᠤᠭᠳᠠᠵᠤ ᠪᠠᠶᠢᠳᠠᠭ᠃ ᠪᠣᠣ ᠭᠠᠩ ᠢᠯᠴᠢ ᠬᠠᠩᠭᠠᠬᠤ ᠥᠷᠲᠡᠭᠡ ᠳᠤ ᠣᠷᠣᠵᠤ᠂ ᠠᠵᠤ ᠠᠬᠤᠶᠢᠯᠠᠯ ᠤᠨ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂  ᠲᠦᠯᠡᠰᠢᠨ ᠨᠡᠭᠦᠷᠡᠰᠦ ᠨᠥᠭᠡᠴᠡᠯᠡᠬᠦ ᠵᠡᠷᠭᠡ ᠢᠯᠴᠢ ᠬᠠᠩᠭᠠᠬᠤ ᠪᠡᠯᠡᠳᠬᠡᠯ ᠤᠨ ᠪᠠᠶᠢᠳᠠᠯ ᠢ ᠨᠠᠷᠢᠨ ᠣᠶᠢᠯᠠᠭᠠᠪᠠ᠂ ᠲᠡᠷᠡ ᠬᠡᠯᠡᠬᠦ ᠳᠡᠭᠡᠨ᠂ ᠢᠯᠴᠢ ᠬᠠᠩᠭᠠᠬᠤ ᠶᠠᠪᠤᠳᠠᠯ ᠲᠦᠭ ᠲᠦᠮᠡᠨ ᠠᠶᠢᠯ ᠡᠷᠦᠬᠡ ᠳᠤ ᠬᠤᠯᠪᠤᠭᠳᠠᠵᠤ ᠪᠣᠢ᠂ ᠡᠪᠦᠯ ᠤᠨ ᠤᠯᠠᠷᠢᠯ ᠤᠨ ᠬᠠᠮᠤᠭ ᠤᠨ ᠴᠢᠬᠤᠯᠠ ᠠᠷᠠᠳ ᠤᠨ ᠠᠮᠢᠳᠤᠷᠠᠯ ᠤᠨ ᠠᠵᠢᠯ ᠤᠨ ᠨᠢᠭᠡ ᠮᠥᠨ᠂ ᠢᠯᠴᠢ ᠬᠠᠩᠭᠠᠬᠤ ᠠᠵᠤ ᠠᠬᠤᠶᠢᠯᠠᠯ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨᠬᠦ  ᠭᠦᠢᠴᠡᠳᠬᠡᠵᠦ᠂ ᠪᠠᠶᠢᠴᠠᠭᠠᠵᠤ ᠵᠢᠭᠰᠠᠭᠠᠨ ᠪᠠᠶᠢᠴᠠᠭᠠᠬᠤ ᠪᠠ ᠢᠯᠴᠢ ᠬᠠᠩᠭᠠᠬᠤ ᠲᠣᠬᠢᠷᠠᠭᠤᠯᠤᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢᠶᠠᠨ ᠲᠡᠭᠦᠯᠳᠡᠷᠵᠢᠭᠦᠯᠦᠨ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠢᠯᠴᠢ ᠬᠠᠩᠭᠠᠬᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠳᠤ᠂  ᠪᠣᠣ ᠭᠠᠩ ᠰᠠᠯᠪᠤᠷᠢ ᠠᠩᠭᠢ ᠶᠢᠨ ᠪᠠᠶᠢᠯᠳᠤᠭᠠᠨ ᠤ ᠵᠢᠯᠤᠭᠤᠳᠬᠤ ᠲᠥᠪ ᠲᠤ ᠬᠦᠷᠴᠦ᠂ ᠪᠦᠬᠦ ᠬᠤᠲᠠ ᠶᠢᠨ ᠭᠠᠯ  ᠤᠨ ᠠᠶᠤᠯ ᠢ  ᠰᠢᠢᠳᠪᠦᠷᠢᠯᠡᠬᠦ᠂ ᠠᠳᠡᠯ ᠠᠴᠠ ᠠᠪᠤᠷᠠᠨ ᠲᠤᠰᠠᠯᠠᠬᠤ᠂ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠤᠰᠬᠤ ᠶᠢᠨ ᠬᠠᠮᠲᠤ ᠭᠤᠣᠯᠳᠠᠯᠭ᠎ᠠ ᠲᠠᠢ ᠲᠠᠯᠠᠪᠤᠷ ᠲᠤ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ᠂ ᠭᠠᠯ ᠢ ᠰᠡᠷᠭᠡᠶᠢᠯᠡᠬᠦ ᠬᠠᠮᠢᠶᠠᠷᠤᠯᠲᠠ ᠡᠵᠡᠮᠳᠡᠯ ᠵᠡᠷᠭᠡ ᠪᠠᠶᠢᠳᠠᠯ ᠢ ᠯᠠᠪᠯᠠᠨ ᠠᠰᠠᠭᠤᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠶᠢᠨ ᠬᠢᠨ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠨᠢᠭᠡᠳᠦᠭᠡᠷ ᠹᠷᠣᠨᠲ ᠲᠤ ᠵᠢᠵᠢᠭᠦᠷᠯᠡᠨ ᠰᠠᠬᠢᠵᠤ᠂ ᠭᠠᠯ ᠤᠨ ᠠᠶᠤᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠨ᠂ ᠭᠡᠨᠡᠳᠲᠡ ᠶᠢᠨ ᠭᠠᠯ ᠤᠨ  ᠠᠶᠤᠯ ᠢ ᠡᠷᠲᠡ ᠢᠯᠡᠷᠡᠭᠦᠯᠵᠦ᠂ ᠲᠦᠷᠭᠡᠨ ᠰᠢᠢᠳᠪᠦᠷᠢᠯᠡᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠠ ᠬᠢᠷᠢ  ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢ ᠬᠦᠰᠡᠵᠦ ᠪᠠᠶᠢᠨ᠎ᠠ ᠭᠡᠵᠡᠢ᠃      ᠾᠧᠩ ᠳ᠋ᠡ ᠴᠧᠩ ᠤᠨ ᠵᠢᠷᠭᠤᠳᠤᠭᠠᠷ ᠬᠤᠭᠤᠴᠠᠭᠠᠨ ᠤ ᠲᠥᠷᠥᠯ ᠵᠦᠢᠯ ᠨᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ᠂ ᠪᠠᠷᠢᠯᠭ᠎ᠠ ᠶᠢᠨ ᠨᠢᠭᠡᠴᠡ ᠵᠡᠷᠭᠡ ᠣᠯᠠᠨ ᠲᠠᠯ᠎ᠠ ᠶᠢᠨ ᠴᠢᠷᠮᠠᠶᠢᠯᠭ᠎ᠠ ᠪᠠᠷ ᠣᠳᠣ ᠶᠠᠭ ᠠᠵᠢᠯ ᠢᠶᠠᠨ ᠱᠠᠯᠠᠪᠳᠠᠨ ᠬᠢᠵᠦ ᠪᠠᠶᠢᠨ᠎ᠠ᠂ ᠪᠣᠣ ᠭᠠᠩ ᠪᠠᠷᠢᠯᠭ᠎ᠠ ᠶᠢᠨ ᠭᠠᠵᠠᠷ ᠲᠤ ᠬᠦᠷᠴᠦ᠂ ᠲᠤᠬᠠᠢ ᠶᠢᠨ ᠲᠠᠯᠠᠪᠠᠶ ᠳᠤ  ᠠᠵᠢᠯ ᠤᠨ ᠠᠬᠢᠴᠠ ᠶᠢ ᠦᠵᠡᠵᠦ᠂ ᠭᠡᠷ ᠲᠤᠰᠢᠶᠠᠬᠤ ᠴᠠᠭ ᠢ ᠨᠠᠷᠢᠨ ᠠᠰᠠᠭᠤᠵᠤ᠂ ᠠᠵᠤ ᠠᠬᠤᠶᠢᠯᠠᠯ ᠪᠣᠯᠣᠨ ᠬᠤᠯᠪᠣᠭᠳᠠᠯ ᠪᠦᠬᠦᠢ ᠭᠠᠵᠠᠷ ᠣᠷᠣᠨ ᠤ ᠬᠢᠨ ᠠᠰᠠᠷ ᠢ ᠪᠠᠶᠢᠭᠤᠯᠵᠤ ᠳᠠᠭᠤᠰᠬᠠᠨ ᠲᠤᠰᠢᠶᠠᠬᠤ ᠶᠢ ᠪᠠᠲᠤᠯᠠᠬᠤ᠂ ᠠᠷᠠᠳ ᠤᠨ ᠠᠮᠢᠳᠤᠷᠠᠯ ᠢ ᠲᠣᠭᠲᠠᠭᠤᠨ ᠪᠠᠶᠢᠯᠭᠠᠬᠤ ᠬᠠᠷᠢᠶ᠎ᠠ ᠣᠷᠣᠨ ᠤ ᠬᠠᠷᠢᠭᠤᠴᠠᠯᠭ᠎ᠠ ᠪᠣᠯᠣᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠥᠯᠥᠰᠦᠨ ᠠᠵᠢᠯᠴᠢᠨ ᠤ ᠴᠠᠯᠢᠩ ᠢ ᠥᠭᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠪᠠᠷᠢᠯᠭ᠎ᠠ ᠶᠢᠨ ᠠᠮᠤᠷ ᠲᠦᠪᠰᠢᠨ᠂ ᠲᠦᠷᠦᠯ ᠵᠦᠢᠯ ᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠨᠡᠩ ᠤᠯᠠᠨ ᠲᠦᠷᠦᠯ ᠵᠦᠢᠯ ᠠᠯᠢ ᠲᠦᠷᠭᠡᠨ ᠢᠶᠠᠷ ᠭᠡᠷ ᠲᠤᠰᠢᠶᠠᠬᠤ ᠶᠢ ᠠᠬᠢᠭᠤᠯᠵᠤ᠂ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠳᠠᠷᠠᠭ᠎ᠠ ᠨᠢ᠂ ᠪᠣᠣ ᠭᠠᠩ ᠬᠥᠬᠡᠬᠤᠲᠠ ᠶᠢᠨ ᠭᠠᠯᠲᠤ ᠲᠡᠷᠭᠡᠨ ᠤ ᠵᠡᠭᠦᠨ ᠥᠷᠲᠡᠭᠡ᠂ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠪᠣᠯᠣᠨ ᠲᠣᠪᠴᠢ ᠵᠠᠰᠠᠮᠠᠯ ᠵᠠᠮ ᠤᠨ ᠪᠠᠶᠢᠴᠠᠭᠠᠬᠤ ᠥᠷᠲᠡᠭᠡᠨ ᠳᠤ ᠭᠦᠨᠵᠡᠭᠡᠶᠢᠷᠡᠵᠦ᠂ ᠣᠷᠣᠵᠤ ᠭᠠᠷᠬᠤ ᠬᠥᠮᠥᠰ ᠤᠨ ᠤᠷᠤᠰᠬᠠᠯ ᠤᠨ ᠬᠡᠮᠵᠢᠶ᠎ᠡ᠂ ᠲᠥᠷᠥᠯ ᠬᠤᠪᠢᠶᠠᠭᠰᠠᠨ ᠵᠠᠮ ᠤᠨ ᠬᠠᠮᠢᠶᠠᠷᠤᠯᠲᠠ᠂ ᠬᠦᠷᠴᠦ ᠢᠷᠡᠭᠰᠡᠨ ᠲᠤᠬᠠᠢ ᠶᠢᠨ ᠭᠠᠵᠠᠷ ᠲᠤ ᠨᠢ ᠪᠦᠭᠡᠮ ᠬᠦᠴᠢᠯ ᠤᠨ ᠪᠠᠶᠢᠴᠠᠭᠠᠯᠲᠠ ᠬᠢᠬᠦ ᠵᠡᠷᠭᠡ ᠠᠵᠢᠯ ᠢ ᠨᠠᠷᠢᠨ ᠣᠶᠢᠯᠠᠭᠠᠵᠤ᠂  ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠢᠨ ᠢ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠤ ᠪᠠᠲᠤᠯᠠᠭ᠎ᠠ ᠶᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠶᠠᠪᠤᠴᠠ ᠨᠢᠭᠡᠪᠦᠷᠢ᠂ ᠭᠤᠭᠴᠤᠭ᠎ᠠ ᠨᠢᠭᠡᠪᠦᠷᠢ᠂ ᠨᠠᠷᠢᠨ ᠵᠦᠢᠯᠡᠰ ᠨᠢᠭᠡᠪᠦᠷᠢ ᠶᠢ ᠥᠴᠥᠬᠡᠨ ᠴᠦ ᠠᠯᠮᠠᠶᠢᠷᠠᠵᠤ ᠣᠷᠬᠢᠭᠳᠠᠭᠤᠯᠵᠤ ᠪᠣᠯᠬᠤ ᠦᠭᠡᠢ᠂ ︽ᠬᠤᠶᠠᠷ ᠥᠷᠲᠡᠭᠡ ᠨᠢᠭᠡ ᠪᠠᠭᠤᠳᠠᠯ︾ ᠵᠢᠴᠢ ᠡᠯ᠎ᠡ ᠵᠠᠮ ᠬᠠᠷᠢᠯᠴᠠᠭᠠᠨ ᠤ ᠪᠣᠭᠤᠮᠲᠠ ᠶᠢᠨ ᠠᠮᠤᠷ ᠲᠦᠪᠰᠢᠨ᠂ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠳᠠ ᠶᠢᠨ ᠤᠳᠤᠷᠢᠳᠤᠯᠭ᠎ᠠ ᠼᠤᠤ ᠰᠧ ᠶᠠᠩ᠂ ᠯᠢᠦ ᠵᠢᠢ ᠶᠢᠩ᠂ ᠯᠢ ᠵᠢᠶᠦ᠋ᠨ ᠵᠢᠴᠢ ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠡᠰᠡᠭ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ