ᠰᠦᠨ ᠱᠣᠣ ᠴᠧᠩ ᠠᠷᠠᠳ ᠤᠨ ᠠᠮᠢᠳᠤᠷᠠᠯ ᠤᠨ ᠠᠵᠢᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2022/9/16
      ᠰᠣᠷᠪᠤᠯᠵᠢᠯᠠᠭᠴᠢ ᠯᠢᠦ ᠰᠢᠶᠣᠣ ᠳ᠋ᠦᠩ 9 ᠰᠠᠷ᠎ᠠ ᠶᠢᠨ 15 ᠤ ᠡᠳᠦᠷ᠂  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠬᠦᠬᠡᠬᠤᠲᠠ ᠳᠤ ᠠᠷᠠᠳ ᠤᠨ ᠠᠮᠢᠳᠤᠷᠠᠯ ᠤᠨ ᠠᠵᠢᠯ ᠢ ᠪᠠᠶᠢᠴᠠᠭᠠᠨ ᠰᠣᠳᠤᠯᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠲᠠᠢ  ᠬᠠᠮᠲᠤ ᠪᠠᠷ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠰᠣᠳᠤᠯᠤᠨ ᠰᠢᠢᠳᠪᠦᠷᠢᠯᠡᠪᠡ᠃      ᠰᠦᠨ ᠱᠣᠣ ᠴᠧᠩ ᠢᠯᠴᠢ ᠬᠠᠩᠭᠠᠬᠤ ᠠᠵᠢᠯ ᠢ ᠮᠠᠰᠢ ᠴᠢᠬᠤᠯᠠᠴᠢᠯᠠᠵᠤ᠂ ᠤᠯᠠᠨ ᠤᠳᠠᠭ᠎ᠠ ᠬᠠᠯᠠᠮᠵᠢᠯᠠᠨ ᠴᠢᠬᠤᠯᠠᠴᠢᠯᠠᠪᠠ᠃ ᠦᠨᠦᠳᠦᠷ ᠪᠠᠰᠠ ᠲᠤᠰᠬᠠᠶᠢᠯᠠᠨ ᠬᠦᠬᠡᠬᠤᠲᠠ ᠶᠢᠨ ᠴᠧᠩ ᠹᠠ ᠢᠯᠴᠢ ᠬᠠᠩᠭᠠᠬᠤ ᠬᠢᠵᠠᠭᠠᠷᠲᠤ ᠺᠤᠮᠫᠠᠨᠢ ᠶᠢᠨ ᠰᠠᠨ ᠡᠾᠧ ᠼᠦᠨ ᠲᠤᠰᠬᠤᠨ ᠤ ᠢᠯᠴᠢ ᠶᠢᠨ ᠢᠷᠡᠯᠲᠡ ᠶᠢᠨ ᠦᠢᠯᠡᠳᠪᠦᠷᠢ ᠳᠤ ᠬᠦᠷᠴᠦ᠂ ᠪᠦᠬᠦ ᠬᠤᠲᠠ ᠶᠢᠨ ᠢᠯᠴᠢ ᠬᠠᠩᠭᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠠᠷᠠᠭ᠎ᠠ ᠨᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠬᠦᠷᠴᠦ᠂  ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠤᠰᠪᠠ᠃ ᠲᠡᠷᠡ ᠵᠠᠷᠢᠮ ᠬᠠᠷᠠᠯᠲᠠ ᠱᠠᠭᠠᠷᠳᠠᠯᠭ᠎ᠠ ᠶᠢ ᠬᠠᠨᠳᠤᠯᠭᠠᠲᠤ ᠴᠢᠨᠠᠷᠲᠠᠢ ᠪᠠᠷ ᠲᠤᠷᠠᠳᠤᠨ ᠭᠠᠷᠭᠠᠪᠠ᠂ ᠨᠢᠭᠡ ᠳᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠳᠡᠵᠦ ᠪᠠᠶᠢᠭ᠎ᠠ ᠡᠷᠦᠬᠡ ᠵᠡᠷᠭᠡ ᠶᠢ ᠪᠠᠭᠲᠠᠭᠠᠭᠰᠠᠨ ᠣᠨᠴᠠᠭᠠᠢ ᠬᠦᠴᠢᠷᠳᠡᠯ ᠲᠠᠢ ᠬᠦᠮᠦᠰ ᠢ ᠪᠤᠳᠠᠳᠠᠢ ᠠᠪᠤᠷᠠᠨ ᠲᠤᠰᠠᠯᠠᠵᠤ᠂ ᠢᠳᠡᠬᠦ ᠡᠮᠦᠰᠬᠦ ᠰᠠᠭᠤᠬᠤ ᠡᠮᠨᠡᠭᠦᠯᠬᠦ ᠶᠢ ᠨᠢ ᠪᠠᠲᠤᠯᠠᠬᠤ ᠬᠡᠷᠡᠭᠲᠡᠢ︔ ᠬᠤᠶᠠᠷ ᠲᠤ ᠲᠤᠯᠠᠭᠠᠯᠠᠭ᠎ᠠ ᠶᠢ ᠪᠠᠲᠤᠯᠠᠬᠤ ᠬᠡᠷᠡᠭᠲᠡᠢ᠂ ᠠᠷᠠᠳ ᠢᠷᠭᠡᠳ ᠢ ᠳᠠᠭᠠᠷᠠᠭᠤᠯᠵᠤ ᠪᠡᠭᠡᠷᠡᠭᠦᠯᠵᠦ ᠪᠣᠯᠬᠤ ᠦᠭᠡᠢ︔ ᠭᠤᠷᠪᠠ ᠳᠤ ᠡᠨᠡ ᠵᠢᠯ ᠠᠴᠠ ᠡᠬᠢᠯᠡᠨ᠂ ᠡᠯ᠎ᠡ ᠱᠠᠳᠤᠨ ᠤ ᠵᠠᠰᠠᠭ ᠤᠨ ᠣᠷᠳᠣᠨ ᠪᠣᠯᠤᠨ ᠤᠯᠤᠰ ᠤᠨ ᠦᠮᠴᠢᠯᠡᠯ ᠤᠨ ᠠᠵᠤ ᠠᠬᠤᠶᠢᠯᠠᠯ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂  ᠳᠤᠮᠳᠠ ᠪᠠᠭ᠎ᠠ ᠠᠵᠤ ᠠᠬᠤᠶᠢᠯᠠᠯ ᠳᠤ ᠰᠢᠨ᠎ᠡ  ᠪᠠᠷ ᠥᠷᠢ ᠥᠭᠴᠡᠭᠡ ᠭᠠᠷᠭᠠᠵᠤ ᠪᠣᠯᠬᠤ ᠦᠭᠡᠢ᠂ ᠡᠯ᠎ᠡ ᠲᠦᠷᠦᠯ ᠤᠨ ᠠᠵᠤ ᠠᠬᠤᠶᠢᠯᠠᠯ ᠨᠢ ᠬᠦᠯᠦᠰᠦᠨ ᠮᠠᠯᠴᠢᠨ ᠲᠠᠷᠢᠶᠠᠴᠢᠨ ᠤ ᠴᠠᠯᠢᠩ ᠢ ᠦᠨᠳᠦᠰᠦᠨ ᠳᠡᠭᠡᠨ ᠰᠢᠨ᠎ᠡ ᠪᠠᠷ ᠦᠷᠢᠲᠦᠵᠦ ᠪᠣᠯᠬᠤ ᠦᠭᠡᠢ︔ ᠳᠥᠷᠪᠡ ᠳᠤ ᠭᠠᠮᠰᠢᠭᠳᠠᠭᠰᠠᠨ ᠣᠯᠠᠨ ᠲᠦᠮᠡᠨ ᠤ ᠡᠪᠦᠯ ᠢ ᠠᠮᠤᠷ ᠲᠦᠪᠰᠢᠨ ᠢᠶᠠᠷ ᠦᠩᠭᠡᠷᠡᠭᠦᠯᠬᠦ᠂ ᠴᠠᠭᠠᠨ ᠰᠠᠷ᠎ᠠ ᠶᠢ ᠪᠠᠶᠠᠷ ᠬᠦᠷ ᠲᠠᠢ ᠦᠩᠭᠡᠷᠡᠭᠦᠯᠬᠦ ᠶᠢ ᠪᠠᠲᠤᠯᠠᠬᠤ ᠬᠡᠷᠡᠭᠲᠡᠢ︔ ᠲᠠᠪᠤ ᠳᠤ ᠨᠠᠰᠤᠵᠢᠯ ᠤᠨ ᠠᠰᠠᠷᠠᠮᠵᠢ ᠶᠢᠨ ᠮᠦᠩᠭᠦ ᠵᠡᠷᠭᠡ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠴᠠᠭ ᠲᠤᠬᠠᠢ ᠳᠤᠨᠢ ᠲᠤᠭ᠎ᠠ ᠶᠣᠰᠤᠭᠠᠷ ᠣᠯᠭᠤᠬᠤ ᠶᠢ ᠦᠨᠡᠨ  ᠬᠦ ᠪᠠᠲᠤᠯᠠᠬᠤ ᠬᠡᠷᠡᠭᠲᠡᠢ︔ ᠵᠢᠷᠭᠤᠭ᠎ᠠ ᠳᠤ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠰᠦᠨ ᠱᠣᠣ ᠴᠧᠩ ᠠᠷᠠᠳ ᠤᠨ ᠶᠠᠪᠤᠳᠠᠯ ᠤᠨ ᠲᠢᠩᠭᠢᠮ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠭᠢᠮ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠭᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠭᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠭᠢᠮ᠂ ᠴᠠᠭ ᠠᠭᠤᠷ ᠤᠨ ᠲᠣᠪᠴᠢᠶᠠᠨ ᠤ ᠬᠠᠷᠢᠭᠤᠴᠠᠯᠭᠠᠳᠠᠨ ᠨᠦᠬᠦᠳ ᠠᠴᠠ ᠪᠡᠶᠡᠯᠡᠭᠦᠯᠵᠦ ᠲᠡᠶᠢᠯᠦᠨ᠎ᠡ ᠤᠤ ᠦᠭᠡᠢ ᠤᠤ ᠭᠡᠵᠦ ᠨᠢᠭᠡᠳ ᠨᠢᠭᠡ ᠪᠠᠷ ᠠᠰᠠᠭᠤᠪᠠ᠂ ᠴᠢᠷᠮᠠᠶᠢᠯᠭ᠎ᠠ ᠪᠠᠷ ᠳᠠᠮᠵᠢᠨ ᠯᠠᠪᠲᠠᠢ ᠪᠡᠶᠡᠯᠡᠭᠦᠯᠵᠦ ᠲᠡᠶᠢᠯᠦᠨ᠎ᠡ ᠭᠡᠵᠦ ᠤᠯᠠᠨ ᠢᠶᠠᠷ ᠢᠶᠠᠨ ᠬᠡᠯᠡᠬᠦ ᠦᠶᠡᠰ᠂ ᠰᠦᠨ ᠱᠣᠣ ᠴᠧᠩ᠂ ᠲᠡᠭᠡᠪᠡᠯ ᠪᠢ ᠥᠭᠡᠷ᠎ᠡ ᠤᠯᠠᠨ ᠢ ᠶᠠᠷᠢᠬᠤ ᠦᠭᠡᠢ ᠭᠡᠵᠦ ᠬᠡᠯᠡᠭᠡᠳ ᠬᠡᠷᠡᠮ ᠳᠡᠭᠡᠷ᠎ᠡ ᠡᠯᠬᠦᠭᠰᠡᠨ ᠤᠷᠢᠶ᠎ᠠ ᠪᠢᠴᠢᠭᠡᠰᠦ ᠶᠢ ᠵᠢᠭᠠᠵᠤ᠂ ︽ᠠᠷᠠᠳ ᠲᠦᠮᠡᠨ ᠢ ᠳᠡᠭᠡᠳᠦᠯᠡᠬᠦ ᠶᠢ ᠪᠠᠷᠢᠮᠳᠠᠯᠠᠵᠤ᠂ ᠠᠷᠠᠳ ᠲᠦᠮᠡᠨ ᠳᠤ  ᠴᠢᠩᠭ᠎ᠠ ᠲᠦᠰᠢᠭᠯᠡᠵᠦ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠴᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠨ᠎ᠡ︾᠂ ︽ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠪᠦᠲᠦᠮᠵᠢ ᠪᠠᠨ ᠪᠣᠯᠭᠠᠵᠤ᠂ ᠠᠷᠠᠳ ᠲᠦᠮᠡᠨ ᠤ ᠠᠮᠤᠷ ᠵᠢᠮᠤᠷ ᠠᠵᠤ ᠲᠦᠷᠦᠬᠦ᠂ ᠠᠮᠤᠷ ᠲᠦᠪᠰᠢᠨ ᠠᠶᠤᠯ  ᠲᠦᠭᠰᠢᠭᠦᠷᠢ ᠬᠠᠯᠠᠭᠤᠨ ᠪᠦᠯᠢᠶᠡᠨ ᠢ ᠴᠠᠭ ᠢᠮᠠᠭᠲᠠ ᠰᠡᠳᠬᠢᠯ ᠳᠡᠭᠡᠨ ᠪᠣᠳᠤᠨ᠎ᠠ︾ ᠭᠡᠵᠦ ᠤᠩᠰᠢᠨ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠰᠤᠷᠭᠠᠯ ᠮᠦᠨ᠂ ᠪᠢᠳᠡ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠤᠭᠤᠯᠤᠨ ᠠᠷᠠᠳ ᠤᠨ ᠠᠮᠢᠳᠤᠷᠠᠯ ᠤᠨ ᠠᠵᠢᠯ ᠢ ᠰᠠᠶᠢᠳᠤᠷ ᠬᠢᠵᠦ᠂ ᠠᠷᠠᠳ ᠣᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠦ  ᠬᠦᠰᠡᠵᠦ ᠪᠠᠶᠢᠭ᠎ᠠ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠢᠥᠢ ᠯᠢ  ᠰᠢᠨ ᠠᠵᠢᠯᠯᠠᠭ᠎ᠠ ᠳᠤ ᠣᠷᠤᠯᠴᠠᠵᠠᠢ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ