ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠦᠢᠯᠡᠳᠬᠡᠯ ᠤᠨ ᠦᠢᠯᠡᠰ ᠤᠨ ᠭᠠᠶᠢᠯᠢ ᠶᠢ ᠬᠤᠶᠢᠰᠢᠯᠠᠭᠤᠯᠵᠤ ᠨᠥᠬᠦᠵᠦ ᠲᠤᠰᠢᠶᠠᠬᠤ ᠬᠤᠭᠤᠴᠠᠭ᠎ᠠ ᠶᠢ ᠤᠯᠠᠮ ᠨᠢᠭᠡ ᠠᠯᠬᠤᠮ ᠤᠷᠲᠤᠳᠬᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠳᠤ ᠬᠦᠴᠦᠯᠡᠬᠦ ᠪᠠᠷ ᠲᠣᠭᠲᠠᠪᠠ
ᠨᠡᠶᠢᠲᠡᠯᠡᠭᠰᠡᠨ ᠴᠠᠭ᠄
2022/9/16
      ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ      ᠦᠢᠯᠡᠳᠬᠡᠯ ᠤᠨ ᠦᠢᠯᠡᠰ ᠤᠨ ᠭᠠᠶᠢᠯᠢ ᠶᠢ ᠬᠤᠶᠢᠰᠢᠯᠠᠭᠤᠯᠵᠤ ᠨᠥᠬᠦᠵᠦ ᠲᠤᠰᠢᠶᠠᠬᠤ ᠬᠤᠭᠤᠴᠠᠭ᠎ᠠ ᠶᠢ ᠤᠯᠠᠮ ᠨᠢᠭᠡ ᠠᠯᠬᠤᠮ ᠤᠷᠲᠤᠳᠬᠠᠵᠤ  ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ       ᠲᠤᠰᠬᠠᠢ ᠳᠠᠬᠢᠨ ᠵᠢᠭᠡᠯᠡᠯᠭᠡ ᠬᠢᠭᠡᠳ ᠡᠳ᠋ ᠤᠨ ᠵᠠᠰᠠᠭ ᠤᠨ ᠳᠠᠮ ᠬᠦᠦ ᠮᠥᠩᠭᠦ ᠶᠢᠨ ᠬᠡᠰᠡᠭ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠢᠵᠢ ᠪᠦᠷᠢᠳᠦᠭᠦᠯᠦᠨ ᠳᠡᠮᠵᠢᠵᠦ  ᠵᠠᠬ᠎ᠠ ᠳᠡᠯᠭᠡᠭᠦᠷ ᠤᠨ ᠬᠡᠷᠡᠭᠴᠡᠭᠡ ᠶᠢ ᠥᠷᠭᠡᠳᠬᠡᠵᠦ ᠬᠥᠭᠵᠢᠯᠲᠡ ᠶᠢᠨ ᠬᠦᠴᠦᠨ ᠢ ᠨᠡᠮᠡᠭᠳᠡᠭᠦᠯᠬᠦ ᠪᠠᠷ ᠲᠣᠭᠲᠠᠭᠠᠪᠠ      ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ  ᠠᠵᠤ ᠠᠬᠤᠢ ᠶᠢᠨ ᠰᠠᠭᠤᠷᠢ ᠶᠢ ᠪᠠᠲᠤᠳᠬᠠᠨ ᠰᠡᠷᠭᠦᠭᠡᠬᠦ ᠳᠤ ᠬᠦᠴᠦᠨ ᠨᠡᠮᠡᠷᠢᠯᠡᠪᠡ      ᠡᠯᠧᠺᠲᠷᠣᠨ ᠴᠠᠬᠢᠯᠭᠠᠨ ᠬᠡᠷᠡᠭᠰᠡᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ  ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠠᠩ ᠶᠡᠭᠡ ᠪᠠᠷ ᠬᠥᠭᠵᠢᠭᠡᠬᠦ ᠪᠠᠷ ᠲᠣᠭᠲᠠᠭᠠᠪᠠ       ᠹᠦᠵᠢᠶᠠᠨ ᠤ ᠵᠠᠩᠵᠸᠦ ᠶᠢᠨ ᠬᠤᠶᠠᠳᠤᠭᠠᠷ ᠬᠤᠭᠤᠴᠠᠭ᠎ᠠ ᠪᠣᠯᠣᠨ ᠭᠤᠸᠠᠩᠳᠦ᠋ᠩ ᠤᠨ ᠯᠢᠶᠠᠨᠵᠢᠶᠠᠩ ᠤᠨ ᠨᠢᠭᠡᠳᠦᠭᠡᠷ ᠬᠤᠭᠤᠴᠠᠭᠠᠨ ᠤ ᠴᠥᠮ᠎ᠡ ᠶᠢᠨ ᠴᠠᠬᠢᠯᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠᠷ ᠲᠣᠭᠲᠠᠵᠤ  ᠬᠠᠷᠢᠴᠠᠯᠠᠰᠢᠭᠦᠢ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ      ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 13 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠢᠯᠡᠳᠬᠡᠯ ᠤᠨ ᠦᠢᠯᠡᠰ ᠤᠨ ᠭᠠᠶᠢᠯᠢ ᠶᠢ ᠬᠤᠶᠢᠰᠢᠯᠠᠭᠤᠯᠵᠤ ᠨᠥᠬᠦᠵᠦ ᠲᠤᠰᠢᠶᠠᠬᠤ ᠬᠤᠭᠤᠴᠠᠭ᠎ᠠ ᠶᠢ ᠤᠯᠠᠮ ᠨᠢᠭᠡ ᠠᠯᠬᠤᠮ ᠤᠷᠲᠤᠳᠬᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ︔ ᠲᠤᠰᠬᠠᠢ ᠳᠠᠬᠢᠨ ᠵᠢᠭᠡᠯᠡᠯᠭᠡ ᠬᠢᠭᠡᠳ ᠡᠳ᠋ ᠤᠨ ᠵᠠᠰᠠᠭ ᠤᠨ ᠳᠠᠮ ᠬᠦᠦ ᠮᠥᠩᠭᠦ ᠶᠢᠨ ᠬᠡᠰᠡᠭ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠢᠵᠢ ᠪᠦᠷᠢᠳᠦᠭᠦᠯᠦᠨ ᠳᠡᠮᠵᠢᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠥᠷᠭᠡᠳᠬᠡᠵᠦ ᠬᠥᠭᠵᠢᠯᠲᠡ ᠶᠢᠨ ᠬᠦᠴᠦᠨ ᠢ ᠨᠡᠮᠡᠭᠳᠡᠭᠦᠯᠬᠦ ᠪᠠᠷ ᠲᠣᠭᠲᠠᠭᠠᠪᠠ︔ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠠᠵᠤ ᠠᠬᠤᠢ ᠶᠢᠨ ᠰᠠᠭᠤᠷᠢ ᠶᠢ ᠪᠠᠲᠤᠳᠬᠠᠨ ᠰᠡᠷᠭᠦᠭᠡᠬᠦ ᠳᠤ ᠬᠦᠴᠦᠨ ᠨᠡᠮᠡᠷᠢᠯᠡᠪᠡ︔ ᠡᠯᠧᠺᠲᠷᠣᠨ ᠴᠠᠬᠢᠯᠭᠠᠨ ᠬᠡᠷᠡᠭᠰᠡᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠠᠩ ᠶᠡᠭᠡ ᠪᠠᠷ ᠬᠥᠭᠵᠢᠭᠡᠬᠦ ᠪᠠᠷ ᠲᠣᠭᠲᠠᠭᠠᠪᠠ︔ ᠹᠦᠵᠢᠶᠠᠨ ᠤ ᠵᠠᠩᠵᠸᠦ ᠶᠢᠨ ᠬᠤᠶᠠᠳᠤᠭᠠᠷ ᠬᠤᠭᠤᠴᠠᠭ᠎ᠠ ᠪᠣᠯᠣᠨ ᠭᠤᠸᠠᠩᠳᠦ᠋ᠩ ᠤᠨ ᠯᠢᠶᠠᠨᠵᠢᠶᠠᠩ ᠤᠨ ᠨᠢᠭᠡᠳᠦᠭᠡᠷ ᠬᠤᠭᠤᠴᠠᠭᠠᠨ ᠤ ᠴᠥᠮ᠎ᠡ ᠶᠢᠨ ᠴᠠᠬᠢᠯᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠᠷ ᠲᠣᠭᠲᠠᠵᠤ᠂ ᠬᠠᠷᠢᠴᠠᠯᠠᠰᠢᠭᠦᠢ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠠᠵᠤ ᠠᠬᠤᠢ ᠶᠢ ᠲᠣᠭᠲᠠᠭᠤᠨ ᠪᠠᠶᠢᠯᠭᠠᠬᠤ ᠶᠢᠨ ᠵᠠᠩᠭᠢᠯᠠᠭ᠎ᠠ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠳᠤ ᠪᠤᠢ᠃ ᠦᠢᠯᠡᠳᠬᠡᠯ ᠤᠨ ᠦᠢᠯᠡᠰ ᠪᠣᠯ ᠪᠣᠳᠠᠲᠤ ᠴᠣᠭᠴᠠᠲᠤ ᠠᠵᠤ ᠠᠬᠤᠢ ᠶᠢᠨ ᠰᠠᠭᠤᠷᠢ ᠪᠠᠶᠢᠵᠤ᠂ ᠣᠳᠣᠬᠠᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠨᠡᠯᠢᠶᠡᠳ ᠶᠡᠭᠡ ᠪᠠᠶᠢᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠮᠦᠨᠡᠬᠢ ᠬᠤᠭᠤᠴᠠᠭᠠᠨ ᠳᠤ ᠬᠤᠶᠢᠰᠢᠯᠠᠭᠤᠯᠤᠨ ᠲᠤᠰᠢᠶᠠᠭᠰᠠᠨ ᠠᠰᠢᠭ ᠣᠯᠵᠠᠪᠤᠷᠢ ᠶᠢᠨ ᠭᠠᠶᠢᠯᠢ ᠵᠡᠷᠭᠡ ︽ᠲᠠᠪᠤᠨ ᠭᠠᠶᠢᠯᠢ ᠬᠤᠶᠠᠷ ᠰᠦᠢᠳᠬᠡᠯ︾ ᠢ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠳᠠᠭᠢᠵᠤ 4 ᠰᠠᠷ᠎ᠠ ᠬᠤᠶᠢᠰᠢᠯᠠᠭᠤᠯᠤᠨ ᠨᠥᠬᠦᠵᠦ ᠲᠤᠰᠢᠶᠠᠨ᠎ᠠ᠃ ᠡᠨᠡ ᠨᠢ 4400 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠤᠶᠢᠰᠢᠯᠠᠭᠤᠯᠬᠤ ᠳᠤ ᠬᠤᠯᠪᠣᠭᠳᠠᠨ᠎ᠠ᠃ ᠡᠭᠦᠨ ᠤ ᠬᠠᠮᠲᠤ ᠦᠢᠯᠡᠳᠬᠡᠯ ᠤᠨ ᠦᠢᠯᠡᠰ ᠤᠨ ᠰᠢᠨ᠎ᠡ ᠪᠠᠷ ᠨᠡᠮᠡᠭᠳᠡᠭᠰᠡᠨ ᠥᠷᠲᠡᠭ ᠨᠡᠮᠡᠭᠳᠡᠯ ᠤᠨ ᠭᠠᠶᠢᠯᠢ ᠶᠢᠨ ᠲᠤᠯᠭᠠᠨ ᠰᠠᠭᠤᠳᠬᠠᠬᠤ ᠭᠠᠶᠢᠯᠢ ᠶᠢᠨ ᠲᠤᠭ᠎ᠠ ᠶᠢ ᠭᠤᠶᠤᠴᠢᠯᠠᠭᠰᠠᠨ ᠳᠠᠷᠤᠢ ᠳᠤ ᠨᠢ ᠪᠤᠴᠠᠭᠠᠵᠤ᠂ ᠲᠠᠩᠰᠠᠨ ᠳᠤ ᠣᠷᠣᠭᠤᠯᠬᠤ ᠳᠤᠮᠳᠠᠴᠢ ᠴᠠᠭ ᠢ 2 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠵᠢᠱᠢᠯᠲᠡ ᠪᠠᠷ ᠡᠨᠡ ᠵᠢᠯ ᠤᠨ ᠰᠡᠭᠦᠯᠴᠢ ᠶᠢᠨ 4 ᠰᠠᠷ᠎ᠠ ᠳᠤ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠳᠤ ᠳᠠᠬᠢᠭᠠᠳ 320 ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠨ᠎ᠠ ᠭᠡᠵᠦ ᠵᠢᠭᠠᠵᠤ ᠭᠠᠷᠭᠠᠪᠠ᠃      ᠬᠤᠷᠠᠯ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠭᠤᠷᠠᠢ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠬᠤ ᠨᠢ ᠦᠢᠯᠡᠳᠬᠡᠯ ᠤᠨ ᠦᠢᠯᠡᠰ ᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠥᠷᠭᠡᠳᠬᠡᠵᠦ᠂ ᠬᠡᠷᠡᠭᠯᠡᠭᠡ ᠶᠢᠨ ᠰᠡᠷᠭᠦᠭᠡᠯᠲᠡ ᠶᠢ ᠠᠵᠤ ᠠᠬᠤᠢ ᠶᠢᠨ ᠭᠤᠣᠯ ᠲᠠᠲᠠᠬᠤ ᠬᠦᠴᠦᠨ ᠪᠣᠯᠭᠠᠬᠤ ᠶᠢ ᠠᠬᠢᠭᠤᠯᠵᠤ᠂ ᠬᠥᠭᠵᠢᠯᠲᠡ ᠶᠢᠨ ᠰᠡᠯᠭᠦᠬᠦ ᠬᠦᠴᠦᠨ ᠢ ᠨᠡᠮᠡᠭᠳᠡᠭᠦᠯᠬᠦ ᠳᠤ ᠠᠰᠢᠭᠲᠠᠢ ᠶᠤᠮ ᠭᠡᠵᠦ ᠵᠢᠭᠠᠵᠤ ᠭᠠᠷᠭᠠᠪᠠ᠃ ᠬᠤᠷᠠᠯ ᠠᠴᠠ ᠦᠢᠯᠡᠳᠬᠡᠯ ᠤᠨ ᠦᠢᠯᠡᠰ᠂ ᠦᠢᠯᠡᠴᠢᠯᠡᠭᠡᠨ ᠤ ᠦᠢᠯᠡᠰ᠂ ᠨᠡᠶᠢᠭᠡᠮ ᠤᠨ ᠦᠢᠯᠡᠴᠢᠯᠡᠭᠡᠨ ᠤ ᠬᠦᠷᠢᠶ᠎ᠡ ᠪᠣᠯᠣᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢᠨ ᠳᠥᠷᠪᠡᠳᠦᠭᠡᠷ ᠤᠯᠠᠷᠢᠯ ᠳᠤ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠳᠤ᠂ ᠪᠦᠬᠦ ᠤᠯᠤᠰ ᠤᠨ ᠴᠢᠨᠠᠷᠲᠠᠢ ᠬᠤᠳᠠᠯᠳᠤᠭᠠᠨ ᠤ ᠪᠠᠩᠬᠢ ᠶᠢᠨ 3.2% ᠠᠴᠠ ᠳᠣᠣᠷ᠎ᠠ ᠬᠦᠦ ᠮᠥᠩᠭᠦ ᠶᠢᠨ ᠨᠣᠷᠮ᠎ᠠ ᠪᠠᠷ ᠳᠤᠮᠳᠠ ᠪᠠ ᠤᠷᠲᠤ ᠬᠤᠭᠤᠴᠠᠭᠠᠨ ᠤ ᠵᠢᠭᠡᠯᠡᠯᠭᠡ ᠶᠢ ᠢᠳᠡᠪᠬᠢᠲᠡᠢ ᠪᠠᠷ ᠲᠠᠯᠪᠢᠬᠤ ᠶᠢ ᠳᠡᠮᠵᠢᠨ᠎ᠡ᠃ ᠠᠷᠠᠳ ᠤᠨ ᠪᠠᠩᠬᠢ ᠵᠢᠭᠡᠯᠡᠯᠭᠡ ᠠᠴᠠ ᠡᠬᠡ ᠮᠥᠩᠭᠦ ᠶᠢᠨ 100% ᠪᠠᠷ ᠬᠤᠳᠠᠯᠳᠤᠭᠠᠨ ᠤ ᠪᠠᠩᠬᠢ ᠳᠤ ᠲᠤᠰᠬᠠᠢ ᠲᠡᠬᠢᠨ ᠵᠢᠭᠡᠯᠡᠯᠭᠡ ᠶᠢᠨ ᠳᠡᠮᠵᠢᠯᠭᠡ ᠦᠵᠡᠭᠦᠯᠦᠨ᠎ᠡ᠃ ᠲᠤᠰᠬᠠᠢ ᠳᠠᠬᠢᠨ ᠵᠢᠭᠡᠯᠡᠯᠭᠡ ᠶᠢᠨ ᠲᠤᠭ᠎ᠠ ᠶᠢ 2000 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠵᠤ᠂ ᠠᠯᠢ ᠴᠢᠳᠠᠬᠤ ᠪᠠᠷ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠤᠭᠤᠴᠠᠭ᠎ᠠ ᠶᠢ ᠨᠢ 1 ᠵᠢᠯ ᠪᠠᠶᠢᠵᠤ᠂ ᠬᠤᠶᠠᠷ ᠤᠳᠠᠭ᠎ᠠ ᠤᠷᠲᠤᠳᠬᠠᠵᠤ ᠪᠣᠯᠣᠨ᠎ᠠ᠃ ᠡᠭᠦᠨ ᠤ ᠬᠠᠮᠲᠤ ᠨᠢᠭᠡᠨᠲᠡ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠥᠪ ᠤᠨ ᠡᠳ᠋ ᠤᠨ ᠵᠠᠰᠠᠭ ᠠᠴᠠ ᠵᠢᠭᠡᠯᠡᠯᠭᠡ ᠶᠢᠨ ᠭᠤᠣᠯ ᠴᠣᠭᠴᠠ ᠳᠤ 2.5% ᠶᠢᠨ ᠳᠠᠮ ᠬᠦᠦ ᠥᠭᠴᠦ᠂ ᠡᠨᠡ ᠵᠢᠯ ᠤᠨ ᠳᠥᠷᠪᠡᠳᠦᠭᠡᠷ ᠤᠯᠠᠷᠢᠯ ᠳᠤ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠵᠢᠭᠡᠯᠡᠯᠭᠡ ᠶᠢᠨ ᠭᠤᠣᠯ ᠴᠣᠭᠴᠠ ᠶᠢᠨ ᠪᠣᠳᠠᠲᠠᠢ ᠵᠢᠭᠡᠯᠡᠯᠭᠡ ᠶᠢᠨ ᠥᠪᠡᠷ ᠤᠨ ᠥᠷᠲᠡᠭ ᠢ 0.7% ᠠᠴᠠ ᠬᠡᠲᠦᠷᠡᠭᠦᠯᠬᠦ ᠦᠭᠡᠢ ᠭᠡᠵᠦ ᠲᠣᠭᠲᠠᠪᠠ᠃ 
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ