ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠬᠠᠮᠲᠤᠷᠠᠨ ᠬᠤᠷᠢᠨᠭᠡᠷ ᠰᠢᠶᠠᠨ ᠤ ᠡᠮ ᠤᠨ ᠵᠦᠢᠯᠡᠰ ᠪᠠ ᠪᠠᠭᠠᠵᠢ ᠬᠡᠷᠡᠭᠰᠡᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠢ ᠰᠢᠮᠳᠠᠭᠤᠯᠣᠨ ᠵᠢᠯᠣᠭᠤᠳᠪᠠ
ᠨᠡᠶᠢᠲᠡᠯᠡᠭᠰᠡᠨ ᠴᠠᠭ᠄
2022/9/19
      ᠡᠮ ᠤᠨ ᠵᠦᠢᠯᠡᠰ ᠪᠠ ᠪᠠᠭᠠᠵᠢ ᠬᠡᠷᠡᠭᠰᠡᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠬᠤ ᠶᠢᠨ ᠲᠤᠰᠠᠳᠠ᠂ 9 ᠰᠠᠷ᠎ᠠ ᠶᠢᠨ 15 ᠤ ᠡᠳᠦᠷ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠵᠢᠶᠦ᠋ᠨ ᠴᠢᠩ ᠪᠦᠯᠬᠦᠮ ᠳᠠᠭᠠᠭᠤᠯᠤᠨ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠮᠢᠶ᠎ᠠ ᠪᠥᠬᠦᠶ ᠠᠵᠢᠯᠲᠠᠨ ᠮᠠᠨ ᠤ ᠰᠢᠶᠠᠨ ᠳᠤ ᠭᠦᠨᠵᠡᠭᠡᠶᠢᠷᠡᠨ ᠡᠮ ᠤᠨ ᠵᠦᠢᠯᠡᠰ ᠪᠠ ᠪᠠᠭᠠᠵᠢ ᠬᠡᠷᠡᠭᠰᠡᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠰᠢᠮᠳᠠᠭᠤᠯᠣᠨ ᠵᠢᠯᠣᠭᠤᠳᠪᠠ᠃ ᠰᠢᠶᠠᠨ ᠤ ᠳᠡᠳ᠋ ᠳᠠᠷᠤᠭ᠎ᠠ ᠪᠠᠶ ᠬᠤᠤ᠂ ᠰᠢᠶᠠᠨ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠪᠠ᠃      ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠮᠠᠨ ᠤ ᠰᠢᠶᠠᠨ ᠤ ᠡᠮ ᠤᠨ ᠵᠦᠢᠯᠡᠰ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠤᠭᠰᠠᠨ ᠪᠥᠭᠡᠳ ︽ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠡᠮ ᠤᠨ ᠵᠦᠢᠯᠡᠰ ᠪᠠ ᠪᠠᠭᠠᠵᠢ ᠬᠡᠷᠡᠭᠰᠡᠯ ᠤᠨ ᠠᠮᠤᠷ ᠲᠦᠪᠰᠢᠨ ᠢ ᠪᠠᠲᠤᠯᠠᠬᠤ︾ ᠲᠤᠰᠬᠠᠶ ᠠᠵᠢᠯᠯᠠᠭ᠎ᠠ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃ ᠳᠠᠷᠠᠭ᠎ᠠ ᠪᠠᠷ ᠨᠢ ᠮᠠᠨ ᠤ ᠰᠢᠶᠠᠨ ᠤ ᠬᠡᠰᠡᠭ ᠨᠢᠳᠦᠨ ᠰᠢᠯ ᠤᠨ ᠳᠡᠯᠭᠡᠭᠦᠷ᠂ ᠡᠮ ᠤᠨ ᠳᠡᠯᠭᠡᠭᠦᠷ ᠵᠡᠷᠭᠡ ᠭᠠᠵᠠᠷ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠢᠮᠳᠠᠭᠤᠯᠣᠨ ᠪᠠᠶᠢᠴᠠᠭᠠᠵᠤ ᠵᠢᠭᠠᠨ ᠵᠢᠯᠣᠭᠤᠳᠪᠠ᠃      ᠰᠢᠮᠳᠠᠭᠤᠯᠤᠨ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠢᠯᠡᠰ ᠤᠨ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠪᠠ ︽ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠡᠮ ᠤᠨ ᠵᠦᠢᠯᠡᠰ ᠪᠠ ᠪᠠᠭᠠᠵᠢ ᠬᠡᠷᠡᠭᠰᠡᠯ ᠤᠨ ᠠᠮᠤᠷ ᠲᠦᠪᠰᠢᠨ ᠢ ᠪᠠᠲᠤᠯᠠᠬᠤ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠬᠠᠷᠢᠶ᠎ᠠ ᠣᠷᠣᠨ ᠤ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠵᠦ ᠬᠡᠷᠡᠭᠯᠡᠵᠦ ᠪᠠᠶᠢᠭ᠎ᠠ ᠨᠢᠭᠡᠴᠡ ᠳᠤ ᠪᠦᠬᠦᠨ ᠢ ᠬᠠᠮᠤᠷᠤᠨ ᠪᠠᠶᠢᠴᠠᠭᠠᠯᠲᠠ ᠬᠢᠵᠦ᠂ ᠡᠴᠦᠰ ᠲᠤᠨᠢ ᠲᠤᠯᠲᠠᠯ᠎ᠠ ᠲᠤᠭ᠎ᠠ ᠪᠦᠷᠢᠳᠬᠡᠯ᠂ ᠪᠠᠶᠢᠳᠠᠯ ᠢ ᠲᠣᠳᠣᠷᠬᠠᠢ ᠪᠣᠯᠭᠠᠬᠤ ᠬᠡᠷᠡᠭᠲᠡᠢ ᠭᠡᠪᠡ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠢᠭᠡ ᠤᠳᠠᠭ᠎ᠠ ᠶᠢᠨ ᠴᠢᠨᠠᠷᠲᠠᠶ ᠬᠡᠷᠡᠭᠯᠡᠬᠦ ᠦᠯᠢᠭᠡᠷ ᠠᠪᠬᠤ ᠵᠦᠯᠭᠦᠭᠦᠷ᠂ ᠡᠪᠡᠷᠯᠢᠭ ᠪᠦᠷᠬᠦᠪᠴᠢ ᠶᠢᠨ ᠬᠦᠷᠦᠯᠴᠡᠬᠦ ᠰᠢᠯ ︵ᠴᠢᠮᠡᠭᠯᠡᠯ ᠤᠨ ᠴᠢᠨᠠᠷᠲᠠᠶ ᠪᠤᠳᠤᠭᠲᠤ ᠨᠢᠭᠤᠴᠠᠭᠠᠶ ᠨᠢᠳᠦᠨ ᠰᠢᠯ ᠪᠠᠭᠲᠠᠨ᠎ᠠ︶ ᠵᠢᠴᠢ ᠬᠠᠮᠢᠶ᠎ᠠ ᠪᠥᠬᠦᠶ ᠰᠤᠪᠢᠯᠠᠬᠤ ᠰᠢᠩᠭᠡᠨ ᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠲᠠᠢ ᠤᠶᠠᠯᠳᠤᠭᠤᠯᠤᠨ᠂ ︽ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠤ ᠡᠮ ᠤᠨ ᠵᠦᠢᠯᠡᠰ ᠪᠠ ᠪᠠᠭᠠᠵᠢ ᠬᠡᠷᠡᠭᠰᠡᠯ ᠤᠨ ᠠᠮᠤᠷ ᠲᠦᠪᠰᠢᠨ ᠢ ᠪᠠᠲᠤᠯᠠᠬᠤ︾ ᠵᠢᠴᠢ ᠡᠮ ᠤᠨ ᠵᠦᠢᠯᠡᠰ ᠤᠨ ᠠᠮᠤᠷ ᠲᠦᠪᠰᠢᠨ ᠤ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ᠂ ᠬᠡᠷᠡᠭᠯᠡᠬᠦ ᠨᠢᠭᠡᠴᠡ ᠳᠤ ᠪᠦᠬᠦᠨ ᠢ ᠬᠠᠮᠤᠷᠤᠭᠰᠠᠨ ᠳᠠᠬᠢᠨ ᠵᠢᠭᠰᠠᠭᠠᠨ ᠪᠠᠶᠢᠴᠠᠭᠠᠯᠲᠠ ᠬᠢᠵᠦ ᠂ ᠠᠮᠤᠷ ᠲᠦᠪᠰᠢᠨ ᠤ ᠳᠠᠯᠳᠠ ᠬᠡᠮ ᠢ ᠦᠨᠡᠨᠬᠦ ᠠᠷᠢᠯᠭᠠᠨ᠎ᠠ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ