ᠮᠠᠨ ᠤ ᠬᠤᠲᠠ ᠶᠢᠨ 5 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠪ ᠳᠠᠭᠤᠷᠢᠶᠠᠯ ᠠᠵᠤ ᠠᠬᠤᠶᠢᠯᠠᠯ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2022/9/19
     ︵ᠰᠤᠷᠪᠤᠯᠵᠢᠯᠠᠭᠴᠢ ᠰᠥᠩ ᠰᠢᠶᠠᠩ ᠬᠤᠸᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠦᠯᠦᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ︵ᠬᠤᠶᠠᠳᠤᠭᠠᠷ ᠪᠦᠯᠦᠭ︶ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ᠂ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠨ ᠤ ᠬᠤᠲᠠ ᠶᠢᠨ 5 ᠠᠵᠤ ᠠᠬᠤᠶᠢᠯᠠᠯ 2022 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠪ ᠳᠠᠭᠤᠷᠢᠶᠠᠯ ᠠᠵᠤ ᠠᠬᠤᠶᠢᠯᠠᠯ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢᠶᠠᠷ ᠰᠣᠩᠭᠤᠭᠳᠠᠪᠠ᠃      ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠪ ᠳᠠᠭᠤᠷᠢᠶᠠᠯ ᠠᠵᠤ ᠠᠬᠤᠶᠢᠯᠠᠯ ᠢᠶᠠᠷ ᠰᠣᠩᠭᠤᠭᠳᠠᠭᠰᠠᠨ ᠨᠢ ᠲᠣᠰ ᠲᠣᠰ᠄ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︵ ᠶᠢᠨ ᠴᠤᠸᠠᠨ ᠤ ᠦᠢᠯᠡᠳᠪᠦᠷᠢ︶᠂ ᠴᠢ ᠯᠦ ᠡᠮ ᠦᠶᠯᠡᠳᠬᠦ ︵ᠥᠪᠥᠷ ᠮᠣᠩᠭᠤᠯ︶ ᠬᠢᠵᠠᠭᠠᠷᠲᠤ ᠺᠣᠮᠫᠠᠨᠢ᠂ ᠵᠥᠩ ᠯᠢᠶᠠᠩ ᠺᠧ ᠺᠸᠦ ᠺᠧ ᠯᠧ ᠤᠮᠳᠠᠭᠠᠨ ︵ᠥᠪᠥᠷ ᠮᠣᠩᠭᠤᠯ︶ ᠤ ᠬᠢᠵᠠᠭᠠᠷᠲᠤ ᠺᠣᠮᠫᠠᠨᠢ︔ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢᠶᠠᠷ ᠰᠣᠩᠭᠤᠭᠳᠠᠭᠰᠠᠨ ᠨᠢ ᠲᠤᠰ ᠲᠤᠰ᠄ ᠶᠢᠨ ᠾᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠵᠥᠩ ᠯᠢᠶᠠᠩ ᠺᠧ ᠺᠸᠦ ᠺᠧ ᠯᠧ ᠤᠮᠳᠠᠭᠠᠨ ︵ᠥᠪᠥᠷ ᠮᠣᠩᠭᠤᠯ︶ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠨᠢᠦ ᠳ᠋ᠡ ᠨᠧᠩ ᠰᠦᠨ ᠤ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ